ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠭᠰᠨᠨ ᠨᠢ


12ᠰᠠᠷ᠎ᠠ ᠶᠢᠨ9᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ  ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠷ ᠲᠠᠭᠡᠨ ᠪᠠᠢᠭ᠎ᠠ ᠭᠡᠰᠢᠬᠦᠤᠨ ᠬᠤᠷᠠᠯ ᠳᠤ ᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠳ᠋ ᠲᠠᠷᠤᠭ᠎ᠠ ᠯᠠᠨ ᠹᠸᠩ ᠰᠢ᠂ ᠭᠡᠰᠢᠬᠦᠨ ᠰᠢᠤᠢ ᠴᠠᠩ ᠯᠢ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠪᠦ᠋ ᠮᠤᠤ ᠰᠢᠶᠠᠩ ᠬᠤᠷᠠᠯ ᠳᠤ ᠰᠤᠯᠨ ᠤᠷᠤᠯᠴᠠᠪᠠ᠃ ᠪᠠᠶᠠᠨᠰᠠᠩ ᠬᠤᠷᠠᠯ ᠡᠷᠬᠢᠯᠡᠪᠡ᠃




ᠬᠤᠷᠠᠯ ᠲᠠᠭᠡᠷ᠎ᠠ᠂ ᠪᠠᠶᠠᠨᠰᠠᠩ ᠡᠴᠨ 2018ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠤᠭᠰᠨᠨ ᠪᠠᠢᠳᠠᠯ᠂ 2018 ᠤᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠲᠤᠭᠤᠷᠢᠨ ᠪᠠᠢᠴᠠᠭᠠᠬᠤ ᠲᠤᠭᠤᠢᠯᠠᠩ ᠤᠨ ᠪᠠᠢᠴᠠᠭᠠᠵᠤ ᠬᠠᠷᠢᠭᠤ ᠲᠤᠰᠬᠠᠭᠰᠠᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠤᠭᠰᠠᠨ ᠪᠠᠢᠳᠠᠯ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠢᠳᠠᠯ ᠢ ᠨᠡᠪᠳᠡᠷᠡᠭᠡᠬᠦ ᠶᠢᠨ ᠬᠠᠮᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠢ ᠲᠦᠯᠤᠭᠡᠯᠡᠨ ᠠᠰᠠᠭᠤᠳᠠᠯ ᠳᠤ ᠪᠠᠢᠴᠠᠭᠠᠨ ᠵᠠᠳᠠᠯᠤᠯᠳᠠ ᠬᠢᠵᠤ᠂ ᠤᠷᠤᠰᠢᠵᠤ ᠪᠠᠢᠭ᠎ᠠ ᠲᠤᠪᠤᠢᠮ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠨ᠂ ᠠᠰᠠᠭᠤᠳᠠᠯ ᠡᠬᠦᠰᠦᠭᠰᠨᠨ ᠦᠨᠳᠤᠰᠤ ᠰᠤᠷᠪᠤᠯᠵᠢ ᠶᠢ ᠬᠦᠨᠵᠡᠭᠡᠢ ᠵᠠᠳᠠᠯᠵᠤ᠂ ᠬᠠᠷᠠᠯᠳᠠᠳᠤ ᠴᠢᠨᠠᠷ ᠲᠠᠢ ᠴᠡᠭᠴᠡᠯᠡᠨ ᠦᠭᠡᠷᠡᠴᠢᠯᠡᠬᠦ ᠠᠷᠭ᠎᠎ᠠ ᠠᠪᠴᠠᠯ ᠲᠤᠷᠠᠳᠤᠭᠰᠨᠨ ᠪᠠᠢᠨ᠎ᠡ᠃

ᠲᠠᠷᠠᠭᠠᠴᠢ ᠪᠡᠷ᠂ ᠪᠠᠶᠠᠨᠰᠠᠩ ᠡᠴᠨ ᠦᠪᠡᠷ ᠤᠨ ᠰᠢᠬᠦᠮᠵᠢᠯᠡᠯ ᠬᠢᠵᠤ᠂ ᠠᠰᠠᠭᠤᠳᠠᠯ ᠶᠢᠠᠨ ᠡᠷᠢᠨ᠂ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠤᠨ ᠤᠨ ᠰᠢᠬᠦᠮᠵᠢᠯᠡᠯ ᠰᠠᠨᠠᠯ ᠢ ᠨᠠᠷᠢᠨ ᠬᠢᠨᠠᠮᠠᠭᠠᠢ ᠰᠤᠨᠤᠰᠪᠡ᠃ ᠨᠠᠮ ᠤᠨ ᠤᠳᠤᠷᠢᠳᠬᠤ ᠲᠤᠭᠤᠢᠯᠠᠩ ᠤᠨ ᠪᠤᠰᠤᠤᠨ ᠨᠦᠬᠦᠤᠨ ᠴᠤ ᠨᠢᠭᠡᠳ ᠨᠢᠭᠡ ᠪᠡᠷ ᠪᠠᠢᠴᠠᠭᠠᠨ ᠵᠠᠳᠠᠯᠤᠯᠳᠠ ᠬᠢᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠦᠷᠨᠢᠬᠦᠯᠪᠡ᠃


ᠯᠠᠨ ᠹᠸᠩ ᠰᠢ ᠵᠢᠭᠠᠵᠤ ᠭᠠᠷᠭᠠᠭᠰᠨᠨ ᠨᠢ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠤᠪ ᠲᠤᠪᠤᠢᠮ᠎ᠠ᠂ ᠬᠤᠷᠠᠯ ᠡᠴᠨ ᠡᠮᠤᠨᠡᠬᠢ ᠪᠠᠯᠡᠳᠭᠡᠯ ᠬᠦᠢᠴᠡᠳ ᠨᠠᠷᠢᠯᠢᠭ᠂ ᠠᠰᠠᠭᠤᠳᠠᠯ ᠡᠷᠢᠭᠰᠨᠨ ᠨᠢ ᠤᠨᠤᠪᠴᠢᠳᠠᠢ᠂ᠦᠨᠡᠨ ᠪᠤᠳᠠᠳᠠᠢ ᠪᠦᠭᠡᠳ ᠪᠦᠷᠢᠨ᠂ ᠠᠷᠭ᠎ᠠ ᠭᠡᠮᠵᠢᠶ᠎ᠠ ᠬᠦᠴᠤᠳᠠᠢ᠂ ᠵᠠᠳᠠᠯᠤᠯᠳᠠ ᠬᠢᠭᠰᠡᠨ ᠨᠢ ᠬᠦᠨᠵᠡᠭᠡᠢ ᠪᠠᠢᠵᠤ ᠤᠷᠢᠳᠴᠢᠯᠠᠭᠰᠨᠨ ᠬᠠᠷᠠᠯᠳᠠ ᠳᠠᠭᠠᠨ ᠬᠦᠷᠦᠭᠰᠡᠨ ᠪᠠᠢᠨ᠎ᠡ ᠭᠡᠵᠡᠢ᠃

ᠯᠠᠨ ᠹᠸᠩ ᠰᠢ ᠱᠠᠭᠠᠷᠳᠠᠭᠰᠨᠨ ᠨᠢ᠂ᠲᠠᠷᠠᠭᠠᠴᠢ ᠪᠡᠷ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠠ ᠪᠦᠳᠤᠭᠡᠯ ᠶᠢᠠᠨ ᠦᠷᠬᠦᠯᠵᠢᠯᠡᠨ ᠪᠡᠬᠢᠵᠢᠬᠦᠯᠤᠨ ᠬᠦᠨᠵᠡᠭᠡᠢᠷᠡᠬᠦᠯᠵᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤᠴᠡᠭᠡᠵᠢᠯᠡᠬᠦ》᠋ ᠶᠢ ᠨᠠᠰᠤᠨ ᠲᠤᠷᠰᠢᠳᠠ ᠶᠢᠨ ᠰᠡᠳᠤᠪ ᠪᠤᠯᠭᠠᠬᠤ ᠭᠡᠷᠡᠭᠳᠡᠢ ᠭᠡᠵᠡᠢ᠃

ᠪᠠᠶᠠᠨᠰᠠᠩ ᠵᠢᠭᠠᠵᠤ ᠭᠠᠷᠭᠠᠭᠰᠨᠨ ᠨᠢ᠂ᠴᠡᠭᠴᠡᠯᠡᠨ ᠵᠠᠰᠠᠬᠤ ᠶᠢ ᠡᠷᠡᠰ ᠪᠠᠷᠢᠮᠳᠠᠯᠠᠵᠤ᠂ ᠭᠤᠤᠯ ᠰᠡᠳᠤᠪᠳᠤ ᠬᠦᠮᠤᠵᠢᠯ ᠤᠨ ᠪᠤᠳᠠᠳᠠᠢ ᠠᠮᠵᠢᠯᠳᠠ ᠤᠯᠬᠤ ᠶᠢ ᠪᠠᠳᠤᠯᠠᠨ᠎ᠡ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠬᠦᠨ ᠢ ᠠᠷᠠᠳᠴᠢᠯᠠᠯ ᠶᠢᠠᠷ ᠦᠨᠡᠯᠡᠬᠦ ᠬᠤᠷᠠᠯ ᠬᠤᠷᠠᠯᠳᠤᠭᠤᠯᠤᠭᠰᠨᠨ ᠨᠢ