ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠬᠦᠨ ᠢ ᠠᠷᠠᠳᠴᠢᠯᠠᠯ ᠶᠢᠠᠷ ᠦᠨᠡᠯᠡᠬᠦ ᠬᠤᠷᠠᠯ ᠬᠤᠷᠠᠯᠳᠤᠭᠤᠯᠤᠭᠰᠨᠨ ᠨᠢ

 

12 ᠰᠠᠷ᠎ᠠ ᠶᠢᠨ 10᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠡᠴᠨ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠰᠡᠳᠤᠪᠳᠤ ᠬᠦᠮᠤᠵᠢᠯ ᠤᠨ ᠤᠳᠤᠷᠢᠳᠬᠤ ᠲᠤᠭᠤᠢᠯᠠᠩ ᠤᠨ《ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠬᠦᠨ ᠢ ᠠᠷᠠᠳᠴᠢᠯᠠᠯ ᠶᠢᠠᠷ ᠦᠨᠡᠯᠡᠬᠦ ᠬᠤᠷᠠᠯ ᠬᠤᠷᠠᠯᠳᠤᠭᠤᠯᠬᠤ ᠲᠤᠬᠠᠢ ᠮᠡᠳᠡᠭᠳᠡᠯ》ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠤᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠲᠦᠰᠤᠯ ᠤᠨ ᠱᠠᠭᠠᠷᠳᠠᠯᠭ᠎ᠠ ᠶᠤᠰᠤᠭᠠᠷ᠂ ᠨᠠᠷᠢᠨ ᠬᠢᠨᠠᠮᠠᠭᠠᠢ ᠰᠤᠷᠤᠯᠴᠠᠯᠭ᠎ᠠ ᠦᠷᠨᠢᠬᠦᠯᠤᠨ᠂ ᠦᠷᠭᠡᠨ ᠶᠢᠠᠷ ᠰᠠᠨᠠᠯ ᠬᠤᠷᠢᠶᠠᠵᠤ᠂ ᠬᠦᠨᠵᠡᠭᠡᠢ ᠶᠠᠷᠢᠯᠴᠠᠭᠰᠨᠨ ᠤ ᠰᠠᠭᠤᠷᠢᠨ ᠲᠠᠭᠡᠷ᠎ᠠ᠂ ᠬᠤᠰᠢᠭᠤᠨ ᠤ ᠰᠢᠭᠤᠤᠨ ᠬᠠᠷᠢᠶ᠎ᠠ ᠪᠠᠢᠭᠤᠯᠭ᠎ᠠ ᠶᠢᠨ ᠨᠠᠮ ᠤᠨ ᠠᠵᠢᠯ ᠤᠨ ᠵᠦᠪᠯᠡᠯ ᠳᠤ ᠮᠡᠳᠡᠬᠦᠯᠵᠤ ᠵᠦᠪᠰᠢᠶᠠᠷᠡᠬᠦᠯᠤᠨ᠂ ᠨᠠᠮ ᠤᠨ ᠡᠬᠦᠷ ᠤᠨ ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠪᠤᠯᠤᠨ ᠨᠠᠮ ᠤᠨ ᠭᠡᠰᠢᠬᠦᠨ ᠢ ᠠᠷᠠᠳᠴᠢᠯᠠᠯ ᠶᠢᠠᠷ ᠦᠨᠡᠯᠡᠬᠦ ᠬᠤᠷᠠᠯ ᠬᠤᠷᠠᠯᠳᠤᠭᠤᠯᠤᠭᠰᠠᠨ ᠪᠠᠢᠨ᠎ᠡ᠃


ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠨᠢ ᠨᠠᠮ ᠤᠨ ᠪᠠᠭ᠎ᠠ ᠲᠤᠭᠤᠢᠯᠠᠩ ᠤᠨ ᠭᠡᠯᠪᠡᠷᠢ ᠪᠡᠷ ᠶᠠᠪᠤᠭᠳᠠᠵᠤ᠂ᠪᠠᠢᠭᠤᠯᠭ᠎ᠠ ᠶᠢᠨ ᠭᠠᠵᠠᠷ ᠤᠨ ᠲᠠᠰ ᠤᠨ ᠲᠠᠷᠤᠭ᠎ᠠ ᠵᠢᠷ ᠤᠨ ᠨᠠᠮ ᠤᠨ ᠭᠡᠰᠢᠬᠦᠨ ᠤ ᠬᠤᠪᠢ ᠪᠡᠷ ᠨᠠᠮ ᠤᠨ ᠪᠠᠭ᠎ᠠ ᠲᠤᠭᠤᠢᠯᠠᠩ ᠤᠨ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠨ᠂ ᠪᠠᠭ᠎ᠠ ᠲᠤᠭᠤᠢᠯᠠᠩ ᠤᠨ ᠬᠤᠷᠠᠯ ᠢ ᠲᠤᠭᠤᠢᠯᠠᠩ ᠤᠨ ᠲᠠᠷᠤᠭ᠎ᠠ ᠡᠷᠬᠢᠯᠡᠬᠦ ᠶᠢᠨ ᠬᠠᠮᠳᠤ ᠬᠤᠪᠢ ᠬᠦᠮᠤᠨ ᠲᠠᠷᠢᠬᠦᠯᠡᠨ ᠤᠷᠤᠰᠢᠵᠤ ᠪᠠᠢᠭ᠎ᠠ ᠠᠰᠠᠭᠤᠳᠠᠯ ᠤᠨ ᠵᠠᠳᠠᠯᠤᠯᠳᠠ ᠬᠢᠵᠤ᠂ ᠪᠤᠰᠤᠤᠨ ᠨᠠᠮ ᠤᠨ ᠭᠡᠰᠢᠬᠦᠨ ᠡᠴᠨ ᠰᠠᠨᠠᠯ ᠰᠠᠨᠠᠭᠤᠯᠭ᠎ᠠ ᠲᠤᠷᠠᠳᠤᠭᠰᠨᠨ ᠪᠠᠢᠨ᠎ᠡ᠃

ᠨᠠᠮ ᠤᠨ ᠪᠠᠭ᠎ᠠ ᠲᠤᠭᠤᠢᠯᠠᠩ ᠤᠨ ᠬᠤᠷᠠᠯ ᠲᠠᠭᠤᠰᠤᠭᠰᠨᠨ ᠤ ᠲᠠᠷᠠᠭ᠎ᠠ᠂ ᠨᠠᠮ ᠤᠨ ᠭᠡᠰᠢᠬᠦᠨ ᠢ ᠠᠷᠠᠳᠴᠢᠯᠠᠯ ᠶᠢᠠᠷ ᠦᠨᠡᠯᠡᠬᠦ ᠬᠤᠷᠠᠯ ᠬᠤᠷᠠᠯᠳᠤᠭᠤᠯᠪᠠ᠃ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ᠪᠦᠬᠦ ᠨᠠᠮ ᠤᠨ ᠭᠡᠰᠢᠬᠦᠨ ᠬᠤᠷᠠᠯ ᠳᠤ ᠤᠷᠤᠯᠴᠠᠪᠠ᠃

ᠬᠤᠷᠠᠯ ᠲᠠᠭᠡᠷ᠎ᠠ᠂ ᠨᠠᠮ ᠤᠨ ᠡᠬᠦᠷ ᠤᠨ ᠱᠦᠵᠢ ᠯᠢ ᠴᠸᠩ ᠬᠦᠸᠸ ᠤᠳᠤᠷᠢᠳᠬᠤ ᠪᠠᠭ ᠢ ᠲᠦᠯᠤᠭᠡᠯᠡᠡ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠡᠴᠨ ᠡᠮᠤᠨᠡᠭᠢ ᠰᠠᠨᠠᠯ ᠬᠤᠷᠢᠶᠠᠭᠰᠠᠨ ᠪᠠᠢᠳᠠᠯ ᠢ ᠨᠡᠪᠳᠡᠷᠡᠭᠡᠭᠰᠨᠨ ᠪᠠ ᠠᠰᠠᠭᠤᠳᠠᠯ ᠶᠢᠠᠨ ᠪᠠᠢᠴᠠᠭᠠᠨ ᠦᠵᠡᠭᠰᠡᠡ ᠵᠠᠳᠠᠯᠤᠯᠳᠠ ᠬᠢᠪᠡ᠃

ᠯᠢ ᠴᠸᠩ ᠬᠦᠸᠸ ᠱᠠᠭᠠᠷᠳᠠᠭᠰᠨᠨ ᠨᠢ᠂ᠲᠤᠰ ᠤᠳᠠᠭᠠᠨ ᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠪᠤᠯᠤᠨ ᠨᠠᠮ ᠤᠨ ᠭᠡᠰᠢᠬᠦᠨ ᠢ ᠠᠷᠠᠳᠴᠢᠯᠠᠯ ᠶᠢᠠᠷ ᠦᠨᠡᠯᠡᠬᠦ ᠦᠷ᠎ᠠ ᠳ᠋ᠦ᠋ᠩ ᠶᠢᠠᠷ ᠠᠵᠢᠯ ᠵᠢᠯᠤᠭᠤᠳᠤᠨ ᠦᠷᠨᠢᠬᠦᠯᠵᠤ᠂ ᠨᠠᠮ ᠤᠨ ᠭᠡᠰᠢᠬᠦᠨ ᠺᠠᠳ᠋ᠷ ᠨᠠᠮᠴᠢ ᠴᠢᠨᠠᠷ ᠤᠨ ᠤᠢᠯᠠᠭᠠᠭᠳᠠᠬᠤᠨ ᠶᠢᠠᠨ ᠤᠯᠠᠮ ᠨᠢᠭᠡ ᠠᠯᠬᠤᠮ ᠴᠢᠩᠭᠠᠳᠬᠠᠨ᠂ ᠨᠠᠮᠴᠢ ᠴᠢᠨᠠᠷ ᠤᠨ ᠪᠤᠯᠪᠠᠰᠤᠷᠠᠯ ᠶᠢᠠᠨ ᠲᠠᠭᠡᠭᠰᠢᠯᠡᠬᠦᠯᠵᠤ᠂ ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠤᠢᠯᠡᠳᠤᠯ ᠶᠢᠠᠨ ᠪᠠᠳᠠᠷᠠᠭᠤᠯᠤᠨ᠂ ᠪᠦᠬᠦ ᠰᠡᠳᠬᠢᠯ ᠪᠦᠬᠦ ᠵᠤᠷᠢᠭ ᠶᠢᠠᠷ ᠠᠷᠠᠳ ᠲᠦᠮᠨᠨ ᠳᠤ ᠤᠢᠯᠡᠴᠢᠯᠡᠬᠦ ᠵᠤᠷᠢᠯᠳᠠ ᠶᠢᠨ ᠦᠵᠡᠯ ᠤᠬᠠᠮᠰᠠᠷ ᠶᠢᠠᠨ ᠴᠢᠩᠭᠠᠷᠠᠭᠤᠯᠬᠤ ᠭᠡᠷᠡᠭᠳᠡᠢ ᠭᠡᠵᠡᠢ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠲᠦᠪᠯᠡᠷᠡᠨ ᠰᠤᠷᠤᠯᠴᠠᠬᠤ ᠬᠤᠷᠠᠯ ᠬᠤᠷᠠᠯᠳᠤᠭᠤᠯᠤᠭᠰᠨᠨ ᠨᠢ