ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ 2019 ᠤᠨ ᠤ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠦᠳᠤᠭᠡᠨ ᠪᠠᠢᠭᠤᠯᠤᠯᠳᠠ ᠶᠢᠨ ᠪᠠᠢᠳᠠᠯ ᠢ ᠬᠢᠨᠠᠠ ᠰᠢᠯᠭᠠᠵᠤ ᠪᠠᠢᠴᠠᠭᠠᠭᠰᠠᠨ ᠨᠢ

 

ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ《2019 ᠤᠨ ᠤ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯ ᠤᠨ ᠡᠴᠤᠰ ᠤᠨ ᠠᠵᠢᠯ ᠢ ᠬᠢᠨᠠᠨ ᠰᠢᠯᠭᠠᠬᠤ ᠲᠤᠬᠠᠢ ᠮᠡᠳᠡᠭᠳᠡᠯ》᠋ ᠤᠨ ᠱᠠᠭᠠᠷᠳᠠᠯᠭ᠎ᠠ ᠶᠤᠰᠤᠭᠠᠷ᠂ 12ᠰᠠᠷ᠎ᠠ ᠶᠢᠨ 18᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ ᠬᠢᠨᠠᠨ ᠰᠢᠯᠭᠠᠬᠤ ᠲᠤᠭᠤᠢᠯᠠᠩ ᠢ ᠲᠠᠭᠠᠭᠤᠯᠤᠨ ᠠᠷᠤ ᠬᠦᠨᠳᠡᠯᠡᠨ ᠪᠠᠯᠭᠠᠰᠤ᠂ ᠪᠠᠶᠠᠷᠳᠤᠬᠤᠰᠢᠭᠤ ᠪᠠᠯᠭᠠᠰᠤ᠂ᠭᠡᠷᠴᠢᠯᠠᠭᠤ ᠰᠤᠮᠤ᠂ ᠤᠯᠠᠭᠠᠨᠬᠠᠳᠠ ᠰᠤᠮᠤ ᠵᠡᠷᠭᠡ ᠭᠠᠵᠠᠷ ᠶᠢᠠᠷ ᠬᠦᠷᠴᠤ᠂ 2019 ᠤᠨ ᠤ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠦᠳᠤᠭᠡᠨ ᠪᠠᠢᠭᠤᠯᠤᠯᠳᠠ ᠶᠢᠨ ᠪᠠᠢᠳᠠᠯ ᠢ ᠬᠢᠨᠠᠨ ᠰᠢᠯᠭᠠᠵᠤ ᠪᠠᠢᠴᠠᠭᠠᠪᠠ᠃


ᠬᠢᠨᠠᠨ ᠰᠢᠯᠭᠠᠬᠤ ᠲᠤᠭᠤᠢᠯᠠᠩ ᠡᠴᠨ ᠡᠯ᠎ᠠ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠬᠦᠯᠤᠯᠳᠠ ᠶᠢ ᠰᠤᠨᠤᠰᠴᠤ᠂《ᠠᠷᠠᠳ ᠤᠨ ᠲᠦᠯᠤᠭᠡᠯᠡᠭᠴᠢ ᠶᠢᠨ ᠭᠡᠷ》᠋ ᠤᠨ ᠪᠦᠳᠤᠭᠡᠨ ᠪᠠᠢᠭᠤᠯᠤᠯᠳᠠ ᠶᠢ ᠪᠠᠢᠴᠠᠭᠠᠨ᠂ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠭᠰᠨᠨ ᠲᠠᠩᠰᠠ ᠡᠪᠭᠡᠮᠡᠯ ᠪᠤᠯᠤᠨ ᠤᠯᠠᠨ ᠲᠦᠮᠨᠨ ᠢ ᠬᠦᠯᠢᠶᠠᠨ ᠠᠪᠤᠭᠰᠨᠨ ᠲᠠᠮᠳᠡᠭᠯᠡᠯ ᠵᠢᠴᠢ ᠤᠯᠠᠨ ᠲᠦᠮᠨᠨ ᠤ ᠰᠠᠨᠠᠯ ᠢ ᠰᠢᠢᠳᠪᠤᠷᠢᠯᠡᠭᠰᠨᠨ ᠪᠠᠢᠳᠠᠯ ᠵᠡᠷᠭᠡ ᠮᠠᠲ᠋ᠸᠷᠢᠶᠠᠯ ᠢ ᠨᠠᠷᠢᠨ ᠬᠢᠨᠠᠮᠭᠠᠢ ᠪᠠᠢᠴᠠᠭᠠᠨ ᠦᠵᠡᠵᠤ᠂ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠤᠢᠯᠡᠴᠢᠯᠡᠭᠡ ᠶᠢᠨ ᠪᠠᠳᠤᠯᠠᠭ᠎ᠠ ᠪᠠ ᠰᠤᠷᠤᠯᠴᠠᠨ ᠬᠦᠮᠤᠵᠢᠬᠦᠯᠤᠨ ᠪᠤᠯᠪᠠᠰᠤᠷᠠᠭᠤᠯᠤᠭᠰᠨᠨ ᠵᠡᠷᠭᠡ ᠠᠵᠢᠯ ᠦᠷᠨᠢᠬᠦᠯᠦᠭᠰᠨᠨ ᠪᠠᠢᠳᠠᠯ ᠢ ᠬᠦᠨᠵᠡᠭᠡᠢ ᠤᠢᠯᠠᠭᠠᠭᠰᠨᠨ ᠪᠠᠢᠨ᠎ᠡ᠃ ᠡᠯ᠎ᠠ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭᠠᠳᠠᠳ ᠲᠠᠢ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠰᠠᠭᠤᠷᠢ ᠶᠢ ᠭᠡᠷᠬᠢᠨ ᠪᠠᠬᠢᠵᠢᠬᠦᠯᠬᠦ ᠲᠤᠭᠤᠷᠢᠨ ᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠮᠢᠵᠢᠷᠠᠯ ᠤᠨ ᠬᠦᠴᠤᠨ ᠢ ᠨᠡᠮᠡᠭᠳᠡᠬᠦᠯᠬᠦ ᠶᠠᠷᠢᠯᠴᠠᠭ᠎ᠠ ᠰᠤᠯᠢᠯᠴᠠᠭ᠎ᠠ ᠦᠷᠨᠢᠬᠦᠯᠬᠦ ᠶᠢᠨ ᠬᠠᠮᠳᠤ᠂ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠠᠵᠢᠯ ᠢ ᠴᠢᠩᠭᠠᠳᠬᠠᠨ ᠂ ᠤᠷᠤᠰᠢᠵᠤ ᠪᠠᠢᠭ᠎ᠠ ᠠᠰᠠᠭᠤᠳᠠᠯ ᠢ ᠰᠢᠢᠳᠪᠤᠷᠢᠯᠡᠬᠦ ᠵᠡᠷᠭᠡ ᠰᠠᠨᠠᠯ ᠰᠠᠨᠠᠭᠤᠯᠭ᠎ᠠ ᠬᠤᠷᠢᠶᠠᠪᠠ᠃

ᠰᠦᠩ ᠯᠢᠶᠠᠨ ᠡᠾᠦ᠋ᠢ ᠱᠠᠭᠠᠷᠳᠠᠭᠰᠨᠨ ᠨᠢ᠂ ᠤᠯᠠᠨ ᠲᠦᠮᠨᠨ ᠯᠤᠭᠡ ᠶᠢᠨ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠨ᠂ᠲᠦᠯᠤᠭᠡᠯᠡᠭᠴᠢ ᠶᠢᠨ ᠰᠠᠨᠠᠯ ᠵᠦᠪᠯᠡᠭᠡ᠂ ᠰᠠᠨᠠᠭᠤᠯᠭ᠎ᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠨᠠᠮ ᠤᠨ ᠲᠦᠪ ᠬᠤᠷᠢᠶ᠎ᠠ ᠵᠢᠴᠢ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠢᠷᠢᠰᠢᠭᠤᠯᠤᠯᠳᠠ ᠶᠢ ᠲᠠᠷᠨ ᠴᠢᠭ᠌ ᠶᠢᠠᠷ ᠨᠢ ᠲᠤᠭᠤᠰᠢᠯᠠᠭᠤᠯᠤᠨ᠂ ᠨᠡᠩ ᠤᠯᠠᠨ ᠬᠦᠭᠵᠢᠯᠳᠠ ᠪᠠ ᠠᠷᠠᠳ ᠤᠨ ᠠᠮᠢᠳᠤᠷᠠᠯ ᠤᠨ ᠬᠦᠷᠢᠶ᠎᠎ᠠ ᠭᠡᠪᠴᠢᠶᠠᠨ ᠤ ᠠᠰᠠᠭᠤᠳᠠᠯ ᠤᠨ ᠪᠦᠳᠤᠮᠵᠢᠳᠠᠢ ᠰᠢᠢᠳᠪᠤᠷᠢᠯᠡᠭᠳᠡᠬᠦ ᠶᠢ ᠦᠨᠡᠨᠬᠦ ᠲᠦᠯᠬᠢᠨ ᠠᠬᠢᠭᠤᠯᠵᠤ᠂ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠬᠠᠯᠠᠭᠤᠮᠰᠤᠭ ᠰᠡᠳᠬᠢᠯᠭᠡ ᠶᠢ ᠲᠠᠰᠤᠷᠠᠯᠳᠠ ᠦᠭᠡᠢ ᠬᠦᠭᠵᠢᠭᠡᠨ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠦᠨᠳᠤᠷ ᠴᠢᠨᠰᠠᠭᠠᠳᠤ ᠬᠦᠭᠵᠢᠯᠳᠠ ᠶᠢ ᠲᠦᠯᠬᠢᠨ ᠠᠬᠢᠭᠤᠯᠬᠤ ᠳᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢ ᠶᠢᠨ ᠤᠢᠯᠡᠳᠤᠯ ᠶᠢᠠᠨ ᠨᠡᠩ ᠰᠠᠢᠨ ᠪᠠᠳᠠᠷᠠᠭᠤᠯᠬᠤ ᠭᠡᠷᠡᠭᠳᠡᠢ ᠭᠡᠵᠡᠢ᠃

ᠰᠦᠩ ᠯᠢᠶᠠᠨ ᠡᠾᠦ᠋ᠢ ᠱᠠᠭᠠᠷᠳᠠᠭᠰᠨᠨ ᠨᠢ᠂ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶ᠎ᠠ ᠡᠴᠨ ᠨᠠᠮ ᠤᠨ ᠤᠳᠤᠷᠢᠳᠤᠯᠭ᠎ᠠ ᠶᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠢᠮᠠᠭᠳᠠ ᠨᠡᠪᠳᠡᠷᠠᠯᠴᠡᠬᠦᠯᠤᠨ᠂ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠪᠠᠷᠢᠮᠳᠠᠯᠠᠬᠤ ᠶᠢ ᠪᠦᠬᠦ ᠶᠠᠪᠤᠳᠠᠯ ᠤᠨ ᠲᠤᠪᠤᠢᠮ᠎ᠠ ᠪᠠᠢᠷᠢᠨ ᠳᠤ ᠲᠠᠯᠪᠢᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠢ ᠵᠢᠯᠤᠭᠤᠳᠤᠨ᠂ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠤᠢᠯᠡᠴᠢᠯᠡᠬᠦ ᠲᠤᠮᠳᠠ ᠤᠶᠠᠯᠳᠤᠯ ᠤᠨ ᠴᠡᠭ ᠢ ᠤᠨᠤᠪᠴᠢᠳᠠᠢ ᠡᠷᠢᠵᠤ᠂ᠬᠦᠳᠡᠯᠭᠡᠬᠦ ᠬᠦᠴᠤᠨ ᠪᠤᠯᠬᠤ ᠭᠡᠷᠡᠭᠳᠡᠢ᠃ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠤᠮᠵᠢ᠂ ᠠᠵᠢᠯᠳᠠᠨ᠂ ᠵᠠᠷᠤᠳᠠᠯ᠂ ᠪᠠᠬᠢᠯᠡᠯᠳᠠ ᠵᠡᠷᠭᠡ ᠲᠠᠯ᠎ᠠ ᠳᠤ ᠤᠷᠤᠰᠢᠵᠤ ᠪᠠᠢᠭ᠎ᠠ ᠲᠤᠳᠠᠭᠳᠠᠯ ᠢ ᠤᠷᠢᠳᠴᠢᠯᠠᠨ ᠰᠢᠢᠳᠪᠤᠷᠢᠯᠡᠵᠤ᠂ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠤᠬᠢᠶᠠᠨ ᠪᠠᠢᠭᠤᠯᠤᠯᠳᠠ ᠶᠢᠨ ᠪᠠᠳᠤᠯᠠᠭ᠎ᠠ ᠶᠢ ᠤᠯᠠᠮ ᠨᠡᠮᠡᠭᠳᠡᠬᠦᠯᠤᠨ᠂ ᠦᠨᠳᠤᠰᠤᠨ ᠱᠠᠳᠤᠨ ᠤ ᠰᠠᠭᠤᠷᠢ ᠶᠢ ᠤᠯᠠᠮ ᠪᠦᠭᠡᠵᠢᠬᠦᠯᠬᠦ ᠭᠡᠷᠡᠭᠳᠡᠢ ᠭᠡᠵᠡᠢ᠃

ᠡᠮᠦᠨᠡᠬᠢ᠄ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠲᠦᠷᠪᠡᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠪᠦᠬᠦ ᠬᠤᠳᠠ ᠶᠢᠨ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠲᠦᠷᠰᠤ ᠰᠢᠩᠭᠡᠭᠡᠯᠳᠠ ᠶᠢᠨ ᠪᠤᠯᠪᠠᠰᠤᠷᠠᠯ ᠤᠨ ᠠᠩᠬᠢ ᠳᠤ ᠤᠷᠤᠯᠴᠠᠭᠰᠨᠨ ᠨᠢ