ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠲᠦᠷᠪᠡᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠪᠦᠬᠦ ᠬᠤᠳᠠ ᠶᠢᠨ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠲᠦᠷᠰᠤ ᠰᠢᠩᠭᠡᠭᠡᠯᠳᠠ ᠶᠢᠨ ᠪᠤᠯᠪᠠᠰᠤᠷᠠᠯ ᠤᠨ ᠠᠩᠬᠢ ᠳᠤ ᠤᠷᠤᠯᠴᠠᠭᠰᠨᠨ ᠨᠢ


12 ᠰᠠᠷ᠎ᠠ ᠶᠢᠨ 20᠋᠋ ᠤ ᠡᠳᠤᠷ᠂ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠲᠦᠩᠯᠢᠶᠤᠤ ᠬᠤᠳᠠ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠵᠢᠴᠢ ᠤᠷᠤᠨ᠂ ᠬᠤᠳᠠ᠂ ᠬᠤᠰᠢᠭᠤ ᠰᠢᠶᠠᠨ(ᠬᠤᠳᠠ ᠲᠤᠭᠤᠷᠢᠭ)᠋ ᠤ ᠲᠦᠷᠪᠡᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠲᠦᠷᠰᠤ ᠰᠢᠩᠭᠡᠭᠡᠯᠳᠠ ᠶᠢᠨ ᠪᠤᠯᠪᠠᠰᠤᠷᠠᠯ ᠤᠨ ᠠᠩᠬᠢ ᠡᠷᠬᠢᠯᠡᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠦᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠢᠳᠡᠪᠬᠢᠳᠠᠢ ᠵᠤᠬᠢᠶᠠᠨ ᠪᠠᠢᠭᠤᠯᠤᠨ ᠲᠦᠷᠰᠤ ᠰᠢᠩᠭᠡᠭᠡᠯᠳᠠ ᠦᠵᠡᠬᠦ ᠭᠡᠯᠪᠡᠷᠢ ᠪᠡᠷ ᠪᠤᠯᠪᠠᠰᠤᠷᠠᠯ ᠤᠨ ᠠᠩᠬᠢ ᠳᠤ ᠤᠷᠤᠯᠴᠠᠭᠰᠨᠨ ᠪᠠᠢᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠬᠤᠰᠢᠭᠤᠨ ᠤ ᠠᠷᠠᠳ ᠤᠨ ᠵᠡᠪᠰᠡᠭᠳᠤ ᠬᠦᠴᠤᠨ ᠤ ᠭᠡᠯᠳᠡᠰ ᠤᠨ ᠲᠠᠷᠤᠭ᠎ᠠ ᠡᠾᠸ ᠵᠢᠶᠠᠩ ᠫᠸᠩ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ᠂ ᠪᠦᠬᠦ ᠬᠤᠰᠢᠭᠤᠨ ᠤ 160 ᠭᠠᠷᠤᠢ ᠨᠡᠷᠡᠰ ᠲᠦᠷᠪᠠᠨ ᠱᠠᠳᠤᠨ ᠤ ᠠᠷᠠᠳ ᠤᠨ ᠲᠦᠯᠤᠭᠡᠯᠡᠭᠴᠢ ᠪᠤᠯᠪᠠᠰᠤᠷᠠᠯ ᠳᠤ ᠤᠷᠤᠯᠴᠠᠪᠠ᠃


ᠪᠤᠯᠪᠠᠰᠤᠷᠠᠯ ᠨᠢ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ᠂ ᠶᠡᠭᠡ ᠬᠤᠷᠠᠯ ᠤᠨ ᠡᠯ᠎ᠠ ᠵᠤᠢᠯ ᠤᠨ ᠮᠡᠳᠡᠬᠦᠯᠤᠯᠳᠠ ᠶᠢ ᠭᠡᠷᠬᠢᠨ ᠬᠢᠨᠠᠨ ᠵᠦᠪᠯᠡᠬᠦ᠂ ᠦᠨᠳᠤᠷ ᠴᠢᠨᠰᠠᠭᠠᠳᠤ ᠠᠷᠠᠳ ᠤᠨ ᠲᠦᠯᠤᠭᠡᠯᠡᠭᠴᠢ ᠶᠢᠨ ᠰᠠᠨᠠᠯ ᠵᠦᠪᠯᠡᠭᠡ ᠶᠢ ᠭᠡᠷᠬᠢᠨ ᠲᠤᠷᠠᠳᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢᠨ ᠲᠤᠭᠤᠷᠢᠨ ᠳᠤ᠂ᠰᠢᠰᠲ᠋ᠸᠮ ᠲᠠᠢ᠂ ᠬᠦᠨᠵᠡᠭᠡᠢ ᠪᠦᠭᠡᠳ ᠤᠢᠯᠠᠭᠠᠮᠵᠢᠳᠠᠢ ᠲᠠᠢᠯᠪᠤᠷᠢᠯᠠᠯᠳᠠ ᠬᠢᠵᠤ᠂ ᠪᠤᠯᠪᠠᠰᠤᠷᠠᠯ ᠳᠤ ᠤᠷᠤᠯᠴᠠᠭᠰᠨᠨ ᠠᠷᠠᠳ ᠤᠨ ᠲᠦᠯᠤᠭᠡᠯᠡᠭᠴᠢ ᠶᠢᠨ ᠰᠠᠢᠨ ᠦᠨᠡᠯᠡᠯᠳᠠ ᠶᠢ ᠤᠯᠤᠭᠰᠨᠨ ᠪᠠᠢᠨ᠎ᠡ᠃


 ᠰᠤᠷᠤᠯᠴᠠᠯᠭ᠎ᠠ ᠪᠤᠯᠪᠠᠰᠤᠷᠠᠯ ᠶᠢᠠᠷ ᠲᠠᠮᠵᠢᠨ᠂ ᠲᠦᠯᠤᠭᠡᠯᠡᠭᠴᠢᠳ ᠲᠤᠰᠢᠶᠠᠯ ᠬᠦᠢᠴᠡᠳᠭᠡᠬᠦ ᠰᠤᠷᠤᠯᠴᠠᠯᠭ᠎ᠠ ᠶᠢᠨ ᠴᠢᠬᠤᠯᠨ ᠴᠢᠨᠠᠷ ᠢ ᠬᠦᠢᠴᠡᠳ ᠲᠠᠨᠢᠵᠤ᠂ ᠡᠬᠦᠷᠭᠡ ᠬᠠᠷᠢᠭᠤᠴᠠᠯᠭᠠᠳᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠬᠦᠯᠬᠦ ᠶᠢᠨ ᠬᠠᠮᠳᠤ᠂ ᠠᠷᠠᠳ ᠤᠨ ᠲᠦᠯᠤᠭᠡᠯᠡᠭᠴᠢ ᠶᠢᠨ ᠠᠵᠢᠯ ᠢ ᠭᠡᠷᠬᠢᠨ ᠰᠠᠢᠳᠤᠷ ᠦᠷᠨᠢᠬᠦᠯᠬᠦ ᠳᠤ ᠪᠦᠬᠦ ᠲᠠᠯ᠎ᠠ ᠶᠢᠨ᠂ ᠬᠦᠨᠵᠡᠭᠡᠢ ᠤᠢᠯᠠᠭᠠᠭᠳᠠᠬᠤᠨ ᠪᠤᠯᠤᠨ ᠲᠠᠨᠢᠯᠳᠠ ᠲᠠᠢ ᠪᠤᠯᠪᠠ᠃ ᠲᠦᠯᠤᠭᠡᠯᠡᠭᠴᠢᠳ ᠤᠳᠤ ᠤᠳᠠᠬᠤ ᠦᠭᠡᠢ ᠬᠤᠷᠠᠯᠳᠤᠬᠤ ᠭᠡᠵᠤ ᠪᠠᠢᠭ᠎ᠠ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠬᠤᠷᠠᠯ ᠲᠠᠭᠡᠷ᠎ᠠ ᠪᠦᠬᠦ ᠬᠤᠳᠠ᠂ ᠪᠦᠬᠦ ᠬᠤᠰᠢᠭᠤ ᠵᠢᠴᠢ ᠦᠪᠡᠷ ᠤᠨ ᠪᠠᠶ᠎ᠠ ᠶᠢᠨ ᠠᠵᠢᠯ ᠤᠨ ᠪᠤᠳᠠᠳᠠᠢ ᠲᠠᠢ ᠤᠶᠠᠯᠳᠤᠭᠤᠯᠵᠤ᠂ ᠡᠷᠭᠡ ᠲᠤᠰᠢᠶᠠᠯ ᠤᠨ ᠬᠠᠷᠢᠭᠤᠴᠠᠯᠭ᠎ᠠ ᠪᠠᠨ ᠪᠠᠳᠠᠷᠠᠭᠤᠯᠤᠨ᠂ ᠤᠯᠠᠨ ᠲᠦᠮᠨᠨ ᠤ ᠠᠩᠬᠠᠷᠴᠤ ᠪᠠᠢᠭ᠎ᠠ ᠬᠠᠯᠠᠮᠰᠢᠯ ᠠᠰᠠᠭᠤᠳᠠᠯ᠂ ᠬᠦᠴᠢᠷᠳᠡᠯ ᠠᠰᠠᠭᠤᠳᠠᠯ ᠤᠨ ᠲᠤᠭᠤᠷᠢᠨ ᠳᠤ ᠦᠨᠳᠤᠷ ᠴᠢᠨᠰᠠᠭᠠᠳᠤ ᠰᠠᠨᠠᠯ ᠵᠦᠪᠯᠡᠭᠡ ᠲᠤᠷᠠᠳᠴᠤ᠂ ᠬᠠᠤᠯᠢ ᠶᠤᠰᠤᠭᠠᠷ ᠡᠬᠦᠷᠭᠡ ᠲᠤᠰᠢᠶᠠᠯ ᠶᠢᠠᠨ ᠬᠦᠢᠴᠡᠳᠭᠡᠬᠦ ᠴᠢᠳᠠᠪᠤᠷᠢ ᠪᠤᠯᠤᠨ ᠲᠤᠰᠢᠶᠠᠯ ᠶᠢᠠᠨ ᠬᠦᠢᠴᠡᠳᠭᠡᠬᠦ ᠴᠢᠳᠠᠮᠵᠢ ᠪᠠᠨ ᠤᠯᠠᠮ ᠨᠢᠭᠡ ᠠᠯᠬᠤᠮ ᠲᠠᠭᠡᠭᠰᠢᠯᠡᠬᠦᠯᠦᠭᠰᠨᠨ ᠪᠠᠢᠨ᠎ᠡ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ 2019 ᠤᠨ ᠤ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠦᠳᠤᠭᠡᠨ ᠪᠠᠢᠭᠤᠯᠤᠯᠳᠠ ᠶᠢᠨ ᠪᠠᠢᠳᠠᠯ ᠢ ᠬᠢᠨᠠᠠ ᠰᠢᠯᠭᠠᠵᠤ ᠪᠠᠢᠴᠠᠭᠠᠭᠰᠠᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠢ ᠦᠨᠡᠯᠡᠬᠦ ᠬᠤᠷᠠᠯ ᠬᠤᠷᠠᠯᠳᠤᠭᠤᠯᠤᠭᠰᠨᠨ ᠨᠢ