ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠢ ᠦᠨᠡᠯᠡᠬᠦ ᠬᠤᠷᠠᠯ ᠬᠤᠷᠠᠯᠳᠤᠭᠤᠯᠤᠭᠰᠨᠨ ᠨᠢ


12 ᠰᠠᠷ᠎ᠠ ᠶᠢᠨ 25᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠢ ᠦᠨᠡᠯᠡᠬᠦ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠢ᠎ᠠ ᠶᠢᠨ ᠭᠡᠷ ᠲᠠᠭᠡᠨ ᠪᠠᠢᠭ᠎ᠠ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠤᠨ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠪᠤᠯᠤᠨ ᠭᠡᠰᠡᠭ ᠨᠠᠮ ᠤᠨ ᠭᠡᠰᠢᠬᠦᠨ ᠤ ᠲᠦᠯᠤᠭᠡᠯᠡᠭᠴᠢ᠂ ᠠᠷᠠᠳ ᠤᠨ ᠲᠦᠯᠤᠭᠡᠯᠡᠭᠴᠢ᠂ ᠤᠯᠤᠰ ᠲᠦᠷᠤ ᠶᠢᠨ ᠭᠡᠰᠢᠬᠦᠨ ᠨᠡᠢᠳᠠ 30 ᠢᠯᠡᠬᠦᠤ ᠬᠦᠮᠤᠰ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ ᠬᠤᠷᠠᠯ ᠡᠷᠬᠢᠯᠡᠵᠤ᠂ ᠬᠤᠰᠢᠭᠤᠨ ᠤ ᠨᠠᠮ ᠤᠨ ᠬᠤᠷᠢᠢ᠎ᠠ ᠶᠢᠨ ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠬᠢᠨ ᠬᠤᠷᠠᠯ ᠳᠤ ᠰᠤᠯᠨ ᠤᠷᠤᠯᠴᠠᠪᠠ᠃



ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠪᠠᠢᠳᠠᠯ ᠪᠤᠯᠤᠨ ᠤᠯᠤᠭᠰᠨᠨ ᠬᠢᠷᠢ ᠪᠦᠳᠤᠮᠵᠢ ᠪᠠᠨ ᠬᠠᠷᠢᠭᠤ ᠮᠡᠳᠡᠬᠦᠯᠪᠠ᠃


ᠬᠤᠷᠠᠯ ᠲᠠᠭᠡᠷ᠎ᠠ᠂ ᠬᠤᠷᠠᠯ ᠳᠤ ᠤᠷᠤᠯᠴᠠᠭᠰᠠᠳ ᠲᠤᠰ ᠲᠤᠰ ᠤᠨ ᠠᠵᠢᠯ ᠤᠨ ᠪᠠᠢᠳᠠᠯ ᠲᠠᠢ ᠪᠠᠨ ᠤᠶᠠᠯᠳᠤᠭᠤᠯᠤᠨ᠂ ᠭᠤᠤᠯ ᠬᠢᠳᠠᠯ ᠪᠠ ᠠᠷᠭ᠎ᠠ ᠠᠪᠴᠠᠯ᠂ ᠬᠤᠪᠢ ᠬᠦᠮᠤᠨ ᠤ ᠤᠯᠤᠯᠳᠠ ᠵᠢᠴᠢ ᠤᠷᠤᠰᠢᠵᠤ ᠪᠠᠢᠭ᠎ᠠ ᠠᠰᠠᠭᠤᠳᠠᠯ ᠳᠤ ᠬᠠᠷᠢᠯᠴᠠᠨ ᠰᠠᠨᠠᠯ ᠶᠢᠠᠨ ᠰᠤᠯᠢᠯᠴᠠᠭᠰᠨᠨ ᠪᠠᠢᠨ᠎ᠡ᠃

ᠬᠤᠷᠠᠯ ᠡᠴᠨ ᠵᠢᠭᠠᠵᠤ ᠭᠠᠷᠭᠠᠭᠰᠨᠨ ᠨᠢ᠂ ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠡᠴᠨ ᠨᠠᠰᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠡᠴᠨ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡᠬᠦ ᠭᠤᠤᠯ ᠱᠤᠭᠤᠮ ᠲᠠᠢ ᠨᠢᠭᠳᠠ ᠤᠶᠠᠯᠳᠤᠨ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪ ᠲᠤ ᠲᠦᠪᠯᠡᠷᠡᠵᠤ᠂ ᠰᠤᠷᠤᠯᠴᠠᠯᠭ᠎ᠠ ᠬᠦᠮᠤᠵᠢᠯ᠂ ᠪᠠᠢᠴᠠᠭᠠᠨ ᠰᠤᠳᠤᠯᠬᠤ᠂ ᠠᠰᠠᠭᠤᠳᠠᠯ ᠢ ᠪᠠᠢᠴᠠᠭᠠᠨ ᠦᠵᠡᠬᠦ᠂ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠬᠤ ᠶᠢ ᠰᠠᠢᠳᠤᠷ ᠠᠳᠬᠤᠬᠤ ᠶᠢ ᠨᠢᠭᠡᠳᠤᠯᠳᠠᠢ ᠲᠦᠯᠤᠪᠯᠡᠨ᠂ ᠤᠨᠤᠯ ᠶᠢᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠢᠷᠡᠬᠦᠯᠤᠨ᠂ ᠨᠠᠮᠴᠢ ᠴᠢᠨᠠᠷ ᠤᠨ ᠪᠤᠯᠪᠠᠰᠤᠷᠠᠯ ᠢ ᠴᠢᠩᠭᠠᠷᠠᠭᠤᠯᠵᠤ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠨ《ᠲᠦᠷᠪᠠᠨ ᠦᠵᠡᠯ ᠤᠬᠠᠮᠰᠠᠷ》᠋ ᠢ ᠤᠯᠠᠮ ᠨᠢᠭᠡ ᠠᠯᠬᠤᠮ ᠨᠡᠮᠡᠭᠳᠡᠬᠦᠯᠤᠨ᠂《ᠲᠦᠷᠪᠠᠨ ᠢᠳᠡᠭᠡᠯ》᠋ ᠢ ᠪᠠᠳᠤᠳᠬᠠᠵᠤ᠂《ᠬᠤᠶᠠᠷ ᠢ ᠬᠦᠷᠢᠶᠡᠯᠡᠬᠦ》᠋ ᠶᠢ ᠬᠦᠢᠴᠡᠳᠭᠡᠨ᠂ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠮ ᠨᠢᠭᠡ ᠠᠯᠬᠤᠮ ᠰᠠᠢᠳᠤᠷ ᠬᠢᠬᠦ ᠳᠤ ᠦᠵᠡᠯ ᠰᠠᠨᠠᠭᠠᠨ ᠤ ᠰᠠᠭᠤᠷᠢ ᠶᠢ ᠪᠠᠳᠤᠳᠬᠠᠵᠤ᠂ ᠤᠢᠯᠨ ᠠᠵᠢᠯᠯᠠᠭᠠᠨ ᠤ ᠤᠬᠠᠮᠰᠠᠷ ᠢ ᠨᠡᠮᠡᠭᠳᠡᠬᠦᠯᠦᠭᠰᠨᠨ ᠪᠠᠢᠨ᠎ᠡ ᠭᠡᠵᠡᠢ᠃

ᠬᠤᠷᠠᠯ ᠡᠴᠨ ᠱᠠᠭᠠᠷᠳᠠᠭᠰᠨᠨ ᠨᠢ᠂ ᠲᠠᠷᠠᠭᠠᠴᠢ ᠶᠢᠨ ᠠᠵᠢᠯ ᠲᠤᠮᠳᠠ᠂ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠵᠢᠴᠢ ᠪᠦᠬᠦ ᠨᠠᠮ ᠤᠨ ᠭᠡᠰᠢᠬᠦᠨ ᠺᠠᠳ᠋ᠷ ᠡᠴᠨ ᠤᠯᠤᠭᠰᠨᠨ ᠠᠮᠵᠢᠯᠳᠠ ᠪᠦᠳᠤᠭᠡᠯ ᠶᠢᠠᠨ ᠴᠦᠬᠦᠷᠡᠰᠢ ᠦᠭᠡᠢ᠂ ᠦᠷᠬᠦᠯᠵᠢᠯᠡᠨ ᠪᠠᠬᠢᠵᠢᠬᠦᠯᠵᠤ᠂ᠭᠤᠤᠯ ᠰᠡᠳᠤᠪᠳᠤ ᠬᠦᠮᠤᠵᠢᠯ ᠤᠨ ᠲᠠᠷᠠᠭᠠᠴᠢ ᠶᠢᠨ ᠠᠵᠢᠯ ᠢ ᠰᠠᠢᠳᠤᠷ ᠬᠢᠬᠦ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠪᠦᠳᠤᠭᠡᠨ ᠪᠠᠢᠭᠤᠯᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠡᠷ ᠲᠠᠭᠡᠭᠰᠢᠯᠡᠬᠦᠯᠵᠤ᠂ ᠲᠠᠭᠡᠳᠤ ᠭᠡᠮᠵᠢᠶᠠᠨ ᠤ ᠨᠢᠭᠳᠠᠷᠠᠯ ᠤᠨ ᠬᠦᠴᠤᠨ᠂ ᠲᠦᠪᠯᠡᠷᠡᠩᠬᠦᠢ ᠬᠦᠴᠤᠨ ᠪᠤᠯᠤᠨ ᠪᠠᠢᠯᠳᠤᠬᠤ ᠬᠦᠴᠤᠨ ᠶᠢᠠᠷ ᠰᠢᠨ᠎ᠡ ᠴᠠᠭ ᠦᠶ᠎ᠠ ᠶᠢᠨ ᠭᠠᠵᠠᠷ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠳᠤᠭᠡᠯᠡᠴᠢ ᠴᠢᠨᠠᠷ ᠲᠠᠢ  ᠪᠠᠷ ᠰᠠᠢᠳᠤᠷ ᠬᠢᠬᠦ ᠭᠡᠷᠡᠭᠳᠡᠢ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠲᠦᠷᠪᠡᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠪᠦᠬᠦ ᠬᠤᠳᠠ ᠶᠢᠨ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠲᠦᠷᠰᠤ ᠰᠢᠩᠭᠡᠭᠡᠯᠳᠠ ᠶᠢᠨ ᠪᠤᠯᠪᠠᠰᠤᠷᠠᠯ ᠤᠨ ᠠᠩᠬᠢ ᠳᠤ ᠤᠷᠤᠯᠴᠠᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠲᠦᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠬᠤᠰᠢᠭᠤᠨ ᠤ ᠵᠠᠰᠠᠭ ᠤᠨ ᠤᠷᠳᠤᠨ ᠤ2019 ᠤᠨ ᠤ ᠭᠤᠤᠯᠳᠠᠯᠭ᠎ᠠ ᠲᠠᠢ ᠠᠵᠢᠯ ᠳᠤ ᠲᠦᠪᠯᠡᠷᠡᠬᠦᠯᠤᠨ ᠲᠤᠭᠤᠷᠢᠨ ᠪᠠᠢᠴᠠᠭᠠᠯᠳᠠ ᠬᠢᠭᠰᠡᠡ ᠨᠢ