ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠠᠯᠪᠠᠨ ᠭᠡᠷ ᠤᠨ ᠬᠤᠷᠠᠯ ᠬᠤᠷᠠᠯᠳᠤᠭᠰᠨᠨ ᠨᠢ


ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ《ᠬᠤᠶᠠᠷ ᠪᠠᠢᠭᠤᠯᠭ᠎ᠠ》᠋ ᠶᠢᠨ ᠪᠦᠳᠤᠭᠡᠨ ᠪᠠᠢᠭᠤᠯᠤᠯᠳᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠯᠪᠠᠨ ᠭᠡᠷ ᠤᠨ《ᠵᠠᠰᠠᠭ ᠲᠤ ᠤᠷᠤᠯᠴᠠᠨ᠂ ᠶᠠᠪᠤᠳᠠᠯ ᠢ ᠬᠠᠮᠢᠶᠠᠷᠴᠤ᠂ ᠰᠠᠢᠳᠤᠷ ᠤᠢᠯᠡᠴᠢᠯᠡᠬᠦ》ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠬᠦ ᠶᠢᠨ ᠲᠦᠯᠤᠭᠡ᠂1 ᠰᠠᠷ᠎ᠠ ᠶᠢᠨ10᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠠᠯᠪᠠᠨ ᠭᠡᠷ ᠤᠨ ᠬᠤᠷᠠᠯ ᠬᠤᠷᠠᠯᠳᠤᠪᠠ᠃ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠵᠤ᠂ ᠠᠯᠪᠠᠨ ᠭᠡᠷ ᠤᠨ ᠪᠦᠬᠦ ᠠᠵᠢᠯᠳᠠᠨ ᠬᠤᠷᠠᠯ ᠳᠤ ᠤᠷᠤᠯᠴᠠᠪᠠ᠃


ᠬᠤᠷᠠᠯ ᠲᠠᠭᠡᠷ᠎ᠠ᠂ ᠯᠢ ᠴᠸᠩ ᠬᠦᠸᠸ ᠡᠴᠨ ᠠᠯᠪᠠᠨ ᠭᠡᠷ ᠤᠨ ᠠᠵᠢᠯ ᠤᠨ ᠤᠢᠷ᠎ᠠ ᠶᠢᠨ ᠬᠤᠬᠤᠴᠠᠭᠠᠨ ᠤ ᠪᠠᠢᠳᠠᠯ ᠢ ᠵᠠᠳᠠᠯᠤᠨ ᠳ᠋ᠦ᠋ᠢᠢ᠌ᠩᠨᠡᠵᠤ᠂ᠤᠷᠤᠰᠢᠵᠤ ᠪᠠᠢᠭ᠎ᠠ ᠬᠦᠷᠤᠯᠴᠡᠬᠦ ᠦᠭᠡᠢ ᠲᠠᠯ᠎ᠠ ᠪᠠ ᠵᠦᠷᠢᠶ᠎ᠠ ᠶᠢ ᠵᠢᠭᠠᠵᠤ ᠭᠠᠷᠭᠠᠬᠤ ᠶᠢᠨ ᠬᠠᠮᠳᠤ᠂ ᠬᠤᠢᠰᠢᠳᠠ ᠶᠢᠨ ᠠᠯᠪᠠᠨ ᠭᠡᠷ ᠡᠴᠨ ᠪᠢᠴᠢᠭ᠌ ᠮᠠᠲ᠋ᠸᠷᠢᠶᠠᠯ ᠢ ᠰᠢᠢᠳᠪᠤᠷᠢᠯᠡᠬᠦ᠂ ᠲᠠᠷᠤᠮᠠᠯᠯᠠᠬᠤ ᠶᠢ ᠬᠠᠮᠢᠶᠠᠷᠬᠤ᠂ ᠠᠯᠪᠠᠨ ᠲᠠᠷᠭᠡ ᠶᠢᠨ ᠬᠠᠮᠢᠶᠠᠷᠤᠯᠳᠠ᠂ ᠴᠢᠯᠤᠭᠡ ᠭᠤᠶᠤᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠢᠳᠤᠷ ᠬᠢᠬᠦ ᠳᠤ ᠪᠤᠳᠠᠳᠠᠢ ᠱᠠᠭᠠᠷᠳᠠᠯᠭ᠎ᠠ ᠲᠤᠷᠠᠳᠤᠭᠰᠨᠨ ᠪᠠᠢᠨ᠎ᠡ᠃

ᠯᠢ ᠴᠸᠩ ᠬᠦᠸᠸ ᠱᠠᠭᠠᠷᠳᠠᠭᠰᠨᠨ ᠨᠢ᠂ᠠᠯᠪᠠᠨ ᠭᠡᠷ ᠤᠨ ᠪᠦᠬᠦ ᠠᠵᠢᠯᠳᠠᠳ ᠬᠠᠷᠢᠭᠤᠴᠠᠯᠭᠠᠳᠤ ᠤᠬᠠᠮᠰᠠᠷ ᠶᠢᠠᠨ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠤᠯᠤᠰ ᠲᠦᠷᠤ ᠶᠢ ᠶᠠᠷᠢᠬᠤ ᠪᠦᠬᠦ ᠲᠠᠯ᠎ᠠ ᠶᠢᠨ ᠦᠨᠳᠤᠷᠴᠨ ᠡᠴᠨ᠂ ᠠᠵᠢᠯ ᠲᠤᠮᠳᠠ ᠠᠯᠳᠠᠭ᠎ᠠ ᠪᠤᠷᠤᠭᠤ ᠭᠠᠷᠭᠠᠬᠤ ᠦᠭᠡᠢ ᠪᠠᠢᠵᠤ᠂ ᠴᠢᠬᠤᠯᠨ ᠶᠡᠭᠡ ᠤᠴᠢᠷ ᠶᠠᠪᠤᠳᠠᠯ ᠪᠠ ᠠᠵᠢᠯ ᠢ ᠵᠦᠪ ᠤᠨᠤᠪᠴᠢᠳᠠᠢ ᠰᠢᠢᠳᠪᠤᠷᠢᠯᠡᠬᠦ ᠭᠡᠷᠡᠭᠳᠡᠢ᠃ ᠤᠢᠯᠡᠴᠢᠯᠡᠭᠡᠨ ᠤ ᠤᠬᠠᠮᠰᠠᠷ ᠶᠢᠠᠨ ᠤᠯᠠᠮ ᠨᠢᠭᠡ ᠠᠯᠬᠤᠮ ᠴᠢᠩᠭᠠᠷᠠᠭᠤᠯᠵᠤ᠂ᠤᠳᠤᠷᠢᠳᠤᠯᠭ᠎ᠠ ᠳᠤ ᠤᠢᠯᠡᠴᠢᠯᠡᠬᠦ᠂ ᠲᠦᠯᠤᠭᠡᠯᠡᠭᠴᠢ ᠳᠤ ᠤᠢᠯᠡᠴᠢᠯᠡᠬᠦ᠂ ᠤᠯᠠᠨ ᠲᠦᠮᠨᠨ ᠳᠤ ᠤᠢᠯᠡᠴᠢᠯᠡᠬᠦ ᠶᠢᠨ ᠲᠤᠭᠤᠷᠢᠨ ᠳᠤ᠂ ᠤᠢᠯᠡᠴᠢᠯᠡᠬᠦ ᠭᠡᠯᠪᠡᠷᠢ ᠪᠠᠨ ᠲᠠᠰᠤᠷᠠᠯᠳᠠ ᠦᠭᠡᠢ ᠰᠠᠢᠵᠢᠷᠠᠭᠤᠯᠤᠨ᠂ ᠤᠢᠯᠡᠴᠢᠯᠡᠬᠦ ᠬᠢᠷᠢ ᠲᠦᠪᠰᠢᠨ ᠶᠢᠠᠨ ᠲᠠᠭᠡᠭᠰᠢᠯᠡᠬᠦᠯᠵᠤ᠂ ᠰᠠᠢᠨ《ᠤᠢᠯᠡᠴᠢᠯᠡᠭᠴᠢ ᠴᠡᠷᠢᠭ᠌》ᠪᠤᠯᠬᠤ ᠭᠡᠷᠡᠭᠳᠡᠢ᠃ ᠰᠠᠬᠢᠯᠭ᠎ᠠ ᠪᠠᠳᠤ ᠶᠢᠨ ᠤᠬᠠᠮᠰᠠᠷ ᠶᠢᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠢᠭᠤᠯᠭ᠎ᠠ ᠶᠢᠨ ᠰᠠᠬᠢᠯᠭ᠎ᠠ ᠪᠠᠳᠤ ᠶᠢ ᠰᠠᠢᠳᠤᠷ ᠴᠢᠩᠭ᠎ᠠ ᠭᠡᠷᠡᠭᠵᠢᠬᠦᠯᠤᠨ᠂ ᠤᠪᠤᠷ ᠰᠤᠷᠳᠠᠯ ᠤᠨ ᠪᠦᠳᠤᠭᠡᠨ ᠪᠠᠢᠭᠤᠯᠤᠯᠳᠠ ᠪᠠ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠳᠤᠭᠡᠨ ᠪᠠᠢᠭᠤᠯᠤᠯᠳᠠ ᠶᠢ ᠦᠨᠡᠨᠬᠦ ᠴᠢᠩᠭᠠᠳᠬᠠᠵᠤ᠂ ᠲᠦᠷᠢᠮᠵᠢᠯ ᠲᠠᠢ᠂ ᠨᠠᠷᠢᠯᠢᠭ᠂ ᠴᠢᠩᠭ᠎ᠠ ᠨᠢᠮᠪᠠᠢ᠂ ᠨᠢᠭᠳᠠ ᠡᠴᠨ ᠨᠢᠭᠳᠠ ᠠᠵᠢᠯ ᠤᠨ ᠤᠪᠤᠷ ᠢ ᠢᠮᠠᠭᠳᠠ ᠪᠠᠷᠢᠮᠳᠠᠯᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠰᠠᠢᠨ ᠰᠠᠢᠬᠠᠨ ᠲᠦᠷᠢ ᠲᠦᠷᠬᠦ ᠶᠢ ᠪᠤᠢ ᠪᠤᠯᠭᠠᠵᠤ᠂ ᠤᠯᠤᠰ ᠲᠦᠷᠤ ᠶᠠᠷᠢᠬᠤ᠂ ᠡᠬᠦᠷᠭᠡ ᠬᠠᠷᠢᠭᠤᠴᠠᠯᠭ᠎ᠠ ᠲᠠᠢ᠂ ᠴᠢᠩᠭ᠎ᠠ ᠤᠪᠤᠷ ᠰᠤᠷᠳᠠᠯ ᠲᠠᠢ᠂ ᠴᠢᠳᠠᠪᠤᠷᠢ ᠲᠠᠢ᠂ ᠠᠮᠢᠵᠢᠷᠠᠯ ᠤᠨ ᠬᠦᠴᠤᠨ ᠲᠠᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠰᠢᠯᠢᠳᠡᠭ ᠡᠩᠨᠡᠭᠡ ᠶᠢ ᠬᠠᠮᠳᠤ ᠪᠡᠷ ᠪᠦᠳᠤᠭᠡᠨ ᠪᠠᠢᠭᠤᠯᠤᠨ᠂ ᠪᠦᠬᠦ ᠬᠤᠰᠢᠭᠤᠨ ᠤ ᠲᠤᠭᠳᠠᠭᠤᠨ ᠬᠦᠭᠵᠢᠯᠳᠠ ᠶᠢ ᠲᠦᠯᠬᠢᠨ ᠠᠬᠢᠭᠤᠯᠬᠤ ᠳᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠦᠴᠤᠨ ᠵᠢᠳᠬᠦᠯ ᠶᠢᠠᠨ ᠦᠵᠡᠬᠦᠯᠬᠦ ᠭᠡᠷᠡᠭᠳᠡᠢ ᠭᠡᠵᠡᠢ᠃

ᠬᠤᠷᠠᠯ ᠲᠠᠭᠡᠷ᠎ᠠ ᠮᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯᠳᠤᠭᠠᠨ ᠤ ᠪᠠᠯᠡᠳᠭᠡᠯ ᠠᠵᠢᠯ ᠢ ᠲᠤᠬᠢᠷᠠᠭᠤᠯᠤᠨ ᠪᠠᠢᠷᠢᠯᠠᠭᠤᠯᠪᠠ᠃

ᠡᠮᠦᠨᠡᠬᠢ᠄ ᠬᠣᠰᠢ᠍ᠭᠣᠨ ᠤ ᠨᠠᠮ ᠤᠨ ᠬᠣᠷᠢ᠍ᠶᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠬᠤᠷᠠᠯ ᠬᠤᠷᠠᠯᠳ᠋ᠤᠭᠰᠠᠨ ᠨᠢ
ᠳᠠᠷᠠᠭᠠᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠢᠨ᠎ᠡ ᠵᠢᠯ ᠤᠨ ᠪᠠᠶᠠᠷ ᠤᠨ ᠦᠭᠡ