ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠤᠭᠰᠨᠨ ᠨᠢ


1ᠰᠠᠷ᠎ᠠ ᠶᠢᠨ10᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠡᠴᠨ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠵᠤ᠂ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠪᠡ᠃


ᠬᠤᠷᠠᠯ ᠲᠠᠭᠡᠷ᠎ᠠ᠂ ᠰᠢ ᠵᠢᠨ ᠫᠢᠩ ᠶᠡᠷᠤᠩᠭᠡᠢ ᠱᠦᠵᠢ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠳ᠋ᠦ᠋ᠩᠨᠡᠯᠳᠠ ᠶᠢᠨ ᠬᠤᠷᠠᠯ ᠤᠨ ᠴᠢᠬᠤᠯᠨ ᠶᠠᠷᠢᠶ᠎ᠠ ᠶᠢ ᠤᠯᠠᠮᠵᠢᠯᠠᠨ ᠰᠤᠷᠤᠯᠴᠠᠪᠠ᠃


ᠬᠤᠷᠠᠯ ᠡᠴᠨ ᠴᠢᠩᠭᠠᠳᠬᠠᠭᠰᠨᠨ ᠨᠢ᠂ ᠨᠠᠮ ᠤᠨ ᠡᠬᠦᠷ ᠪᠤᠯᠤᠨ ᠨᠠᠮ ᠤᠨ ᠭᠡᠰᠢᠬᠦᠨ ᠺᠠᠳ᠋ᠷ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠳᠤᠬᠢ ᠠᠵᠢᠯ ᠤᠨ ᠴᠢᠬᠤᠯᠨ ᠤᠯᠤᠰ ᠲᠦᠷᠤ ᠶᠢᠨ ᠡᠬᠦᠷᠭᠡ ᠪᠤᠯᠭᠠᠨ ᠰᠠᠢᠳᠤᠷ ᠴᠢᠩᠭ᠎ᠠ ᠠᠳᠬᠤᠵᠤ᠂ ᠶᠠᠷᠢᠶᠠᠨ ᠤ ᠵᠤᠷᠢᠭ ᠰᠠᠨᠠᠭ᠎ᠠ ᠶᠢᠨ ᠮᠦᠨ ᠴᠢᠨᠠᠷ ᠪᠠ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠡᠷ ᠤᠢᠯᠠᠭᠠᠨ᠂ᠦᠵᠡᠯ ᠰᠠᠨᠠᠭ᠎ᠠ ᠪᠤᠯᠤᠨ ᠤᠢᠯᠨ ᠠᠵᠢᠯᠯᠠᠭ᠎ᠠ ᠪᠠᠨ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠲᠠᠢ ᠨᠢᠭᠡᠳᠭᠡᠵᠤ᠂ ᠭᠤᠤᠯ ᠰᠡᠳᠤᠪᠳᠤ ᠬᠦᠮᠤᠵᠢᠯ ᠤᠨ ᠦᠷ᠎ᠠ ᠪᠦᠳᠤᠮᠵᠢ ᠪᠤᠯᠤᠨ ᠰᠠᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦ᠋ᠩᠨᠡᠨ᠂ ᠭᠤᠤᠯ ᠰᠡᠳᠤᠪᠳᠤ ᠬᠦᠮᠤᠵᠢᠯ ᠤᠨ ᠦᠷ᠎ᠠ ᠪᠦᠳᠤᠭᠡᠯ ᠢ ᠦᠷᠭᠡᠵᠢᠬᠦᠯᠤᠨ ᠪᠠᠬᠢᠵᠢᠬᠦᠯᠬᠦ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ᠂ ᠺᠠᠳ᠋ᠷ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠢ ᠨᠠᠮ ᠤᠨ ᠪᠦᠳᠤᠭᠡᠨ ᠪᠠᠢᠭᠤᠯᠤᠯᠳᠠ ᠶᠢ ᠴᠢᠩᠭᠠᠳᠬᠠᠬᠤ ᠦᠨᠢᠳᠠ ᠶᠢᠨ ᠰᠡᠳᠤᠪ ᠪᠤᠯᠭᠠᠵᠤ ᠰᠤᠯᠠᠷᠠᠭᠤᠯᠵᠤ ᠪᠤᠯᠬᠤ ᠦᠭᠡᠢ ᠭᠡᠵᠡᠢ᠃

 ᠬᠤᠷᠠᠯ ᠲᠠᠭᠡᠷ᠎ᠠ ᠪᠠᠰᠨ《ᠵᠠᠷᠤᠤᠨ ᠬᠤᠰᠢᠭᠤᠨ ᠤ ᠠᠯᠪᠠᠳᠠᠨ ᠤ ᠲᠤᠰᠢᠶᠠᠯ ᠬᠢᠭᠡᠳ ᠲᠤᠰᠢᠶᠠᠯ ᠲᠠᠰ ᠬᠤᠤᠰᠯᠠᠬᠤ ᠲᠦᠷᠢᠮ ᠤᠨ ᠭᠡᠷᠡᠭᠵᠢᠬᠦᠯᠤᠯᠳᠠ ᠶᠢᠨ ᠲᠦᠰᠤᠯ》᠋ ᠢ ᠤᠯᠠᠮᠵᠢᠯᠠᠬᠤ ᠶᠢᠨ ᠬᠠᠮᠳᠤ᠂ ᠵᠠᠷᠤᠤᠨ ᠬᠤᠰᠢᠭᠤᠨ ᠤ ᠠᠯᠪᠠᠳᠠᠨ ᠤ ᠲᠤᠰᠢᠶᠠᠯ ᠬᠢᠭᠡᠳ ᠲᠤᠰᠢᠶᠠᠯ ᠲᠠᠰ ᠬᠤᠤᠰᠯᠠᠬᠤ ᠲᠦᠷᠢᠮ ᠤᠨ ᠭᠡᠷᠡᠭᠵᠢᠬᠦᠯᠤᠯᠳᠠ ᠶᠢᠨ ᠲᠦᠰᠦᠯ ᠤᠨ ᠳ᠋ᠦ᠋ᠩᠨᠡᠯᠳᠠ ᠶᠢᠨ ᠱᠠᠭᠠᠷᠳᠠᠯᠭ᠎ᠠ ᠶᠤᠰᠤᠭᠠᠷ᠂ ᠭᠡᠷᠡᠭᠵᠢᠬᠦᠯᠤᠯᠳᠠ ᠶᠢᠨ ᠬᠡᠪᠴᠢᠶ᠎ᠠ᠂ᠲᠤᠰᠢᠶᠠᠯ ᠤᠨ ᠲᠠᠰ ᠤᠨ ᠲᠤᠬᠢᠷᠠᠭᠤᠯᠤᠯᠳᠠ ᠵᠢᠴᠢ ᠲᠤᠰᠢᠶᠠᠯ ᠤᠨ ᠲᠤᠭ᠎ᠠ ᠶᠢᠨ ᠬᠠᠷᠢᠴᠠᠯ᠂ ᠲᠤᠰᠢᠶᠠᠯ ᠤᠨ ᠲᠠᠰ ᠲᠤ ᠲᠤᠬᠤᠬᠤ᠂ ᠲᠤᠰᠢᠶᠠᠯ ᠤᠨ ᠲᠠᠰ ᠲᠠᠪᠰᠢᠬᠦ᠂ ᠲᠤᠰᠬᠠᠢ ᠮᠡᠷᠭᠡᠵᠢᠯ ᠤᠨ ᠲᠦᠷᠤᠯ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠤᠯᠳᠠ ᠶᠢᠨ ᠲᠦᠷᠤᠯ ᠤᠨ ᠠᠯᠪᠠᠳᠠᠨ ᠤ ᠲᠤᠰᠢᠶᠠᠯ ᠤᠨ ᠲᠠᠰ ᠲᠤᠬᠤᠬᠤ᠂ᠠᠵᠢᠯ ᠤᠨ ᠱᠠᠭᠠᠷᠳᠠᠯᠭ᠎ᠠ ᠵᠡᠷᠭᠡ 8 ᠲᠠᠯ᠎ᠠ ᠪᠡᠷ ᠨᠠᠷᠢᠨ ᠲᠤᠳᠤᠷᠬᠠᠢ ᠤᠩᠰᠢᠨ ᠤᠢᠯᠠᠭᠠᠭᠰᠨᠨ ᠪᠠᠢᠨ᠎ᠡ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠰᠤᠷᠤᠯᠴᠠᠨ ᠰᠤᠳᠤᠯᠤᠨ ᠶᠠᠷᠢᠯᠴᠠᠬᠤ ᠵᠢᠴᠢ ᠨᠠᠮ ᠤᠨ ᠲᠦᠷᠢᠮ ᠲᠤᠭᠳᠠᠭᠠᠯ ᠢ ᠪᠤᠯᠪᠠᠰᠤᠷᠠᠩᠭᠤᠢ ᠡᠵᠡᠮᠰᠢᠬᠦ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠨᠨ ᠨᠢ