ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ᠁
ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯᠳᠤᠭᠠᠨ ᠬᠤᠷᠠᠯᠳᠤᠭᠰᠨᠨ ᠨᠢ


1ᠰᠠᠷ᠎ᠠ ᠶᠢᠨ14᠋ ᠤ ᠡᠳᠤᠷ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯᠳᠤᠭᠠᠨ ᠬᠤᠷᠠᠯᠳᠤᠪᠠ᠃ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ ᠵᠢᠴᠢ ᠠᠷᠠᠳ ᠤᠨ ᠲᠦᠯᠤᠭᠡᠯᠡᠭᠴᠢᠳ ᠤᠨ ᠪᠠᠢᠩᠭᠤ ᠶᠢᠨ ᠭᠡᠰᠢᠬᠦᠤᠨ ᠬᠤᠷᠠᠯ ᠳᠤ ᠰᠠᠭᠠᠳᠠᠵᠤ᠂ ᠲᠠᠳ᠋ ᠬᠤᠰᠢᠭᠤᠨ ᠲᠠᠷᠤᠭ᠎ᠠ ᠦᠨᠡᠨ᠂ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠲᠠᠷᠤᠭ᠎ᠠ ᠶᠠᠩ ᠭᠧ ᠬᠤᠸᠨ᠂ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠠ ᠤ ᠪᠠᠢᠴᠠᠭᠠᠬᠤ ᠲᠠᠷᠤᠭ᠎ᠠ ᠳ᠋ᠸᠩ ᠭᠤᠸᠠᠩ ᠹᠸᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠭᠡᠰᠡᠭ ᠠᠷᠠᠳ ᠤᠨ ᠲᠦᠯᠤᠭᠡᠯᠡᠭᠴᠢ ᠬᠤᠷᠠᠯ ᠳᠤ ᠰᠤᠯᠨ ᠤᠷᠤᠯᠴᠠᠪᠠ᠃ ᠪᠠᠶᠠᠨᠰᠠᠩ ᠡᠴᠨ ᠬᠤᠷᠠᠯ ᠡᠷᠬᠢᠯᠡᠪᠡ᠃


ᠲᠤᠰ ᠬᠤᠷᠠᠯ ᠳᠤ ᠤᠷᠤᠯᠴᠠᠬᠤ ᠭᠡᠰᠢᠬᠦᠨ 30 ᠨᠡᠷᠡᠰ᠂ ᠪᠤᠳᠠᠳᠠᠢ 22 ᠨᠡᠷᠡᠰ ᠤᠷᠤᠯᠴᠠᠨ᠂ ᠬᠠᠤᠯᠢ ᠳᠤ ᠲᠤᠭᠳᠠᠭᠰᠨᠨ ᠬᠦᠮᠤᠨ ᠤ ᠲᠤᠭᠠᠨ ᠳᠤ ᠨᠡᠢᠴᠡᠨ᠎ᠡ᠃

ᠬᠤᠷᠠᠯ ᠶᠢᠠᠷ ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠬᠤᠷᠠᠯᠳᠤᠬᠤ ᠴᠠᠭ ᠬᠤᠭᠤᠴᠠᠭ᠎ᠠ ᠶᠢ ᠲᠦᠰᠤᠭᠡᠯᠡᠨ ᠲᠤᠭᠳᠠᠭᠠᠪᠠ᠃


ᠬᠤᠷᠠᠯ ᠲᠠᠭᠡᠷ᠎ᠠ ᠠᠵᠢᠯᠳᠠᠨ ᠢ ᠲᠤᠰᠢᠶᠠᠯ ᠳᠤ ᠲᠤᠮᠢᠯᠠᠵᠤ ᠪᠠᠭᠤᠯᠭᠠᠪᠠ᠃ ᠡᠤ ᠰᠢᠶᠤᠤ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯ ᠤᠨ ᠵᠦᠪᠯᠡᠯ᠂ ᠠᠯᠪᠠᠨ ᠭᠡᠷ ᠤᠨ ᠺᠠᠳ᠋ᠷ ᠤᠨ ᠲᠤᠰᠢᠶᠠᠯ ᠳᠤ ᠲᠤᠮᠢᠯᠠᠵᠤ ᠪᠠᠭᠤᠯᠭᠠᠬᠤ ᠲᠠᠪᠰᠢᠬᠦᠯᠦᠭᠰᠨᠨ ᠨᠡᠷᠡᠰ ᠢ ᠤᠩᠰᠢᠨ ᠨᠡᠢᠳᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠨ ᠲᠤᠰᠢᠶᠠᠯ ᠳᠤ ᠲᠤᠮᠢᠯᠠᠬᠤ ᠪᠡᠷ ᠵᠢᠱᠢᠭᠳᠡᠭᠰᠡᠳ ᠤᠨ ᠲᠤᠪᠴᠢ ᠨᠠᠮᠳᠠᠷ ᠢ ᠤᠩᠰᠢᠨ ᠨᠠᠢᠳᠡᠯᠡᠪᠡ᠃ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠠᠷᠤᠭ᠎ᠠ ᠶᠠᠩ ᠭᠧ ᠬᠤᠸᠠ ᠡᠴᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ《ᠸᠠᠩ ᠰᠡᠴᠠᠨ ᠨᠦᠬᠦᠷ ᠢ ᠰᠢᠬᠦᠭᠴᠢ ᠪᠡᠷ ᠨᠠᠷ᠎ᠠ ᠲᠠᠪᠰᠢᠬᠦᠯᠦᠭᠰᠨᠨ ᠲᠤᠬᠠᠢ ᠲᠤᠮᠢᠯᠠᠯ》᠋ ᠪᠠ ᠲᠠᠬᠦᠨ ᠤ ᠲᠤᠪᠴᠢ ᠨᠠᠮᠳᠠᠷ ᠢ ᠤᠩᠰᠢᠨ ᠨᠡᠢᠳᠡᠯᠡᠪᠡ᠃

ᠬᠤᠷᠠᠯ ᠲᠠᠭᠡᠷ᠎᠎ᠠ  ᠭᠠᠷ ᠡᠷᠬᠦᠨ ᠪᠠᠳᠤᠯᠠᠬᠤ ᠪᠠᠷ ᠲᠠᠮᠵᠢᠨ᠂ ᠬᠠᠰᠪᠦ᠋ᠭᠡ ᠨᠦᠬᠦᠷ ᠤᠨ ᠬᠠᠷᠢᠭᠤᠴᠠᠭᠰᠨᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢᠨᠠᠨ ᠪᠠᠢᠴᠠᠭᠠᠬᠤ ᠪᠡ ᠬᠠᠤᠯᠢ ᠴᠠᠭᠠᠵᠨ ᠶᠢᠨ ᠠᠵᠢᠯ ᠤᠨ ᠵᠦᠪᠯᠡᠯ ᠤᠨ ᠲᠠᠳ᠋ ᠡᠷᠬᠢᠯᠡᠭᠴᠢ ᠶᠢᠨ ᠲᠤᠰᠢᠶᠠᠯ ᠡᠴᠨ ᠪᠠᠭᠤᠯᠭᠠᠬᠤ᠂ ᠮᠸᠢ ᠶᠢᠩ ᠨᠦᠬᠦᠷ ᠤᠨ ᠬᠠᠷᠢᠭᠤᠴᠠᠭᠰᠨᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠯᠪᠠᠨ ᠭᠡᠷ ᠤᠨ ᠲᠠᠳ᠋ ᠡᠷᠬᠢᠯᠡᠭᠴᠢ ᠶᠢᠨ ᠲᠤᠰᠢᠶᠠᠯ ᠡᠴᠨ ᠪᠠᠭᠤᠯᠭᠠᠬᠤ ᠶᠢ ᠵᠦᠪᠰᠢᠶᠡᠷᠡᠪᠠ᠃



ᠬᠤᠷᠠᠯ ᠲᠠᠭᠡᠷ᠎ᠠ ᠲᠤᠰᠢᠶᠠᠯ ᠳᠤ ᠲᠤᠮᠢᠯᠠᠬᠤ ᠪᠡᠷ ᠲᠤᠷᠠᠳᠤᠨ ᠲᠠᠪᠰᠢᠬᠦᠯᠦᠭᠳᠡᠭᠰᠨᠳ ᠨᠢᠭᠡᠪᠤᠷᠢ ᠲᠤᠰᠢᠶᠠᠯ ᠬᠠᠷᠢᠭᠤᠴᠠᠬᠤ ᠢᠯᠡᠳᠭᠡᠯ ᠬᠢᠵᠤ᠂ ᠪᠢᠯᠸᠲ ᠦᠭᠬᠦ ᠪᠡᠷ ᠲᠠᠮᠵᠢᠨ᠂ ᠪᠤᠤ ᠰᠡᠴᠡᠨ ᠨᠦᠬᠦᠷ ᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢᠨᠠᠨ ᠪᠠᠢᠴᠠᠭᠠᠬᠤ ᠪᠡ ᠬᠠᠤᠯᠢ ᠴᠠᠭᠠᠵᠨ ᠶᠢᠨ ᠠᠵᠢᠯ ᠤᠨ ᠵᠦᠪᠯᠡᠯ ᠤᠨ ᠲᠠᠳ᠋ ᠡᠷᠬᠢᠯᠡᠭᠴᠢ᠂ ᠮᠸᠢ ᠶᠢᠩ ᠨᠦᠬᠦᠷ ᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠬᠠᠷᠢᠯᠴᠠᠬᠤ ᠠᠵᠢᠯ ᠤᠨ ᠵᠦᠪᠯᠡᠯ ᠤᠨ ᠲᠠᠳ᠋ ᠡᠷᠬᠢᠯᠡᠭᠴᠢ᠂ ᠬᠠᠢ ᠶᠢᠩ ᠨᠦᠬᠦᠷ ᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠯᠪᠠᠨ ᠭᠡᠷ ᠤᠨ ᠲᠠᠳ᠋ ᠡᠷᠬᠢᠯᠡᠭᠴᠢ᠂ ᠸᠠᠩ ᠰᠡᠴᠨᠨ ᠨᠦᠬᠦᠷ ᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠬᠦᠭᠴᠢ ᠪᠡᠷ ᠰᠤᠩᠭᠤᠨ ᠲᠤᠮᠢᠯᠠᠪᠠ᠃ ᠪᠠᠶᠠᠨᠰᠠᠩ ᠡᠴᠨ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠨᠨ ᠨᠦᠬᠦᠤᠨ ᠲᠤ ᠲᠤᠮᠢᠯᠠᠯ ᠤᠨ  ᠪᠢᠴᠢᠭ᠌ ᠭᠠᠷᠳᠠᠭᠤᠯᠵᠤ᠂ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠨᠳ ᠦᠨᠳᠤᠰᠤᠨ ᠬᠠᠤᠯᠢ ᠳᠤ ᠲᠠᠩᠭᠠᠷᠢᠭᠯᠠᠪᠠ᠃

ᠪᠠᠶᠠᠨᠰᠠᠩ ᠱᠠᠭᠠᠷᠳᠠᠭᠰᠨᠨ ᠨᠢ᠂ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠨᠨ ᠨᠦᠬᠦᠤᠨ ᠲᠠᠩᠭᠠᠷᠢᠭ ᠶᠢᠠᠨ ᠢᠮᠠᠭᠳᠠ ᠴᠡᠭᠡᠵᠢᠯᠡᠵᠤ᠂ ᠦᠨᠳᠤᠰᠤᠨ ᠬᠠᠤᠯᠢ ᠳᠤ ᠦᠨᠡᠨᠴᠢ᠂ ᠦᠨᠳᠤᠰᠤᠨ ᠬᠠᠤᠯᠢ ᠶᠢ ᠵᠢᠷᠤᠮᠯᠠᠨ᠂ ᠦᠨᠳᠤᠰᠤᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠨᠳᠤᠰᠤᠨ ᠬᠠᠤᠯᠢ ᠶᠢᠨ ᠬᠠᠷᠢᠭᠤᠴᠠᠯᠭ᠎ᠠ ᠶᠢ ᠬᠦᠢᠴᠡᠳᠭᠡᠨ᠂ ᠴᠢᠷᠮᠠᠢᠨ ᠠᠵᠢᠯᠯᠠᠵᠤ᠂ ᠲᠤᠰᠢᠶᠠᠯ ᠤᠨ ᠬᠠᠷᠢᠭᠤᠴᠠᠯᠭ᠎ᠠ ᠪᠠᠨ ᠬᠦᠢᠴᠡᠳᠭᠡᠨ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠳᠤ ᠢᠳᠡᠪᠬᠢ ᠤᠢᠯᠡᠳᠤᠯ ᠦᠵᠡᠬᠦᠯᠬᠦ ᠭᠡᠷᠡᠭᠳᠡᠢ ᠭᠡᠵᠡᠢ᠃

ᠬᠤᠷᠠᠯ ᠲᠠᠭᠡᠷ᠎ᠠ ᠤᠨᠴᠨ ᠵᠠᠷᠢᠮ ᠠᠵᠢᠯᠳᠠᠨ ᠤ ᠲᠤᠰᠢᠶᠠᠯ ᠡᠴᠨ ᠪᠠᠭᠤᠬᠤ ᠶᠢ ᠪᠠᠳᠤᠯᠠᠪᠠ᠃ ᠭᠠᠷ ᠡᠷᠬᠦᠨ ᠪᠠᠳᠤᠯᠠᠬᠤ ᠪᠡᠷ ᠲᠠᠮᠵᠢᠨ᠂ ᠮᠨ ᠲᠢᠶᠸ ᠴᠢᠤᠸᠠᠨ᠂ ᠲᠢᠶᠸ ᠶᠢᠩ᠂ ᠳ᠋ᠠᠢ ᠮᠠᠨᠳᠤᠯ᠎ᠠ ᠨᠦᠬᠦᠷ ᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠲᠤᠰᠢᠶᠠᠯ ᠡᠴᠨ ᠪᠠᠨ ᠪᠠᠭᠤᠬᠤ ᠶᠢ ᠬᠦᠯᠢᠶᠠᠨ ᠠᠪᠴᠤ ᠵᠦᠪᠰᠢᠶᠡᠷᠡᠪᠠ᠃

ᠬᠤᠷᠠᠯ ᠶᠢᠠᠷ ᠵᠠᠩ ᠬᠠᠢ ᠹᠸᠩ ᠨᠦᠬᠦᠷ ᠢ ᠲᠦᠩᠯᠢᠶᠤᠤ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠪᠡᠷ ᠨᠦᠬᠦᠨ ᠰᠤᠩᠭᠤᠪᠠ᠃


ᠬᠤᠷᠠᠯ ᠶᠢᠠᠷ2020 ᠤᠨ ᠤ ᠠᠷᠠᠳ ᠤᠨ ᠪᠤᠳᠠᠳᠤ ᠠᠮᠢᠳᠤᠷᠠᠯ ᠤᠨ ᠲᠦᠷᠤᠯ ᠵᠦᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠲᠤᠷᠰᠢᠯᠳᠠ ᠶᠢᠨ ᠴᠡᠭ ᠤᠨ ᠰᠤᠮᠤ ᠪᠠᠯᠭᠠᠰᠤ(ᠵᠡᠭᠡᠯᠢ ᠭᠤᠳᠤᠮᠵᠢ)᠋ ᠶᠢ ᠶᠠᠷᠢᠯᠴᠠᠨ ᠪᠠᠳᠤᠯᠠᠵᠤ᠂ ᠯᠦᠪᠸᠢ ᠪᠠᠯᠭᠠᠰᠤ᠂ ᠯᠦᠪᠸᠢ ᠵᠡᠭᠡᠯᠢ ᠭᠤᠳᠤᠮᠵᠢ ᠶᠢ2020 ᠤᠨ ᠤ ᠠᠷᠠᠳ ᠤᠨ ᠪᠤᠳᠠᠳᠤ ᠠᠮᠢᠳᠤᠷᠠᠯ ᠤᠨ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠲᠤᠷᠰᠢᠯᠳᠠ ᠶᠢᠨ ᠴᠡᠭ ᠤᠨ ᠰᠤᠮᠤ ᠪᠠᠯᠭᠠᠰᠤ(ᠵᠡᠭᠡᠯᠢ)᠋ ᠪᠡᠷ ᠰᠢᠨ᠎ᠡ ᠪᠡᠷ ᠨᠡᠮᠡᠨ ᠲᠤᠭᠳᠠᠭᠠᠠᠪᠠ᠃


ᠬᠤᠷᠠᠯ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠤᠨ《ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2019 ᠤᠨ ᠤ ᠭᠤᠤᠯᠳᠠᠯᠭ᠎ᠠ ᠲᠠᠢ ᠠᠵᠢᠯ ᠤᠨ ᠪᠠᠢᠳᠠᠯ ᠳᠤ ᠲᠦᠪᠯᠡᠷᠡᠬᠦᠯᠤᠨ ᠪᠠᠢᠴᠠᠭᠠᠯᠳᠠ ᠬᠢᠭᠰᠡᠡ ᠲᠤᠬᠠᠢ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ《ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠦᠯᠤᠭᠡᠯᠡᠭᠴᠢᠳ ᠤᠨ ᠰᠠᠨᠠᠯ ᠵᠦᠪᠯᠡᠯᠭᠡ ᠶᠢ ᠰᠢᠢᠳᠪᠤᠷᠢᠯᠡᠭᠰᠨᠨ ᠪᠠᠢᠳᠠᠯ ᠤᠨ ᠲᠤᠬᠠᠢ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ《 2019ᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠤᠢᠯ᠋ ᠢ ᠪᠠᠶᠠᠯᠡᠬᠦᠯᠦᠭᠰᠨᠨ ᠪᠠᠢᠳᠠᠯ ᠤᠨ ᠲᠤᠬᠠᠢ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠬᠦ ᠶᠢᠨ ᠬᠠᠮᠳᠤ ᠬᠠᠨᠤᠮᠵᠢ ᠶᠢᠨ ᠦᠨᠡᠯᠡᠯᠳᠠ ᠬᠢᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠨ ᠰᠤᠳᠤᠯᠬᠤ ᠲᠤᠭᠤᠢᠯᠠᠩ ᠤᠨ《ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠪᠠᠢᠳᠠᠯ ᠤᠨ ᠲᠤᠬᠠᠢ ᠪᠠᠢᠴᠠᠭᠠᠨ ᠰᠤᠳᠤᠯᠤᠯᠳᠠ ᠶᠢᠨ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠭᠡᠰᠡᠭ ᠪᠦᠷᠢᠯᠳᠤᠬᠦᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠲᠤᠰᠢᠶᠠᠯ ᠲᠤᠭᠠᠴᠢᠯᠳᠠ ᠶᠢᠨ ᠮᠡᠳᠡᠬᠦᠯᠤᠯᠳᠠ ᠶᠢ ᠰᠤᠨᠤᠰᠤᠨ ᠬᠢᠨᠠᠨ ᠵᠦᠪᠯᠡᠵᠤ᠂ ᠭᠡᠰᠡᠭ ᠬᠤᠳᠠ ᠶᠢᠨ ᠲᠠᠰ ᠤᠨ ᠠᠷᠠᠳ ᠤᠨ ᠲᠦᠯᠤᠭᠡᠯᠡᠭᠴᠢ ᠲᠤᠰᠢᠶᠠᠯ ᠲᠤᠭᠠᠴᠢᠯᠳᠠ ᠶᠢᠨ ᠮᠡᠳᠡᠬᠦᠯᠤᠯᠳᠠ ᠬᠢᠬᠦ ᠶᠢᠨ ᠬᠠᠮᠳᠤ᠂ ᠲᠤᠰ ᠬᠤᠶᠠᠷ ᠲᠦᠷᠤᠯ ᠤᠨ ᠮᠡᠳᠡᠬᠦᠯᠤᠯᠳᠠ ᠳᠤ ᠬᠠᠨᠤᠮᠵᠢ ᠶᠢᠨ ᠦᠨᠡᠯᠡᠯᠳᠠ ᠬᠢᠪᠡ᠃

ᠬᠤᠷᠠᠯ ᠳᠤ ᠤᠷᠤᠯᠴᠠᠭᠰᠠᠳ ᠡᠯ᠎ᠠ ᠲᠦᠷᠤᠯ ᠤᠨ ᠮᠡᠳᠡᠬᠦᠯᠤᠯᠳᠠ ᠳᠤ ᠢᠳᠡᠪᠬᠢᠳᠠᠢ ᠶᠠᠷᠢᠯᠴᠠᠭ᠎ᠠ ᠦᠷᠨᠢᠬᠦᠯᠬᠦ ᠶᠢᠨ ᠬᠠᠮᠳᠤ᠂ ᠬᠠᠨᠳᠤᠯᠭᠠᠳᠤ ᠴᠢᠨᠠᠷ ᠲᠠᠢ ᠰᠠᠨᠠᠯ ᠰᠠᠨᠠᠭᠤᠯᠭ᠎ᠠ ᠲᠤᠷᠠᠳᠤᠪᠠ᠃

 

ᠡᠮᠦᠨᠡᠬᠢ᠄ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎᠎ᠠ ᠶᠢᠨ ᠠᠷᠪᠠᠨ ᠲᠦᠷᠪᠡᠳᠤᠭᠡᠷ ᠤᠳᠠᠭᠠᠨ ᠤ ᠬᠤᠷᠠᠯᠳᠤᠭᠠᠨ ᠬᠤᠷᠠᠯᠳᠤᠭᠰᠨᠨ ᠨᠢ
ᠳᠠᠷᠠᠭᠠᠬᠢ᠄ ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠠᠷᠪᠠᠨ ᠲᠤᠯᠤᠳᠤᠭᠠᠷ ᠬᠤᠷᠠᠯ ᠬᠤᠷᠠᠯᠳᠤᠭᠤᠯᠤᠭᠰᠨᠨ ᠨᠢ