ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠨ ᠠᠶᠤᠯᠬᠦᠢ ᠤᠢᠯᠡᠳᠪᠤᠷᠢᠯᠡᠯ ᠤᠨ ᠪᠠᠢᠴᠠᠭᠠᠯᠳᠠ ᠬᠢᠭᠰᠡᠡ ᠪᠠ ᠶᠠᠳᠠᠭᠤ ᠬᠦᠴᠢᠷᠳᠠᠢ ᠡᠷᠤᠭᠡ ᠶᠢ ᠰᠤᠷᠪᠤᠯᠵᠢᠯᠠᠨ ᠲᠤᠬᠤᠨᠢᠭᠤᠯᠤᠭᠰᠨᠨ ᠨᠢ


 





ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠤ ᠪᠠᠷᠢᠮᠳᠠ ᠭᠠᠴᠠᠭ᠎ᠠ᠂ ᠪᠠᠶᠠᠷᠳᠤᠬᠤᠰᠢᠭᠤ ᠭᠠᠴᠠᠭ᠎ᠠ᠂ ᠪᠠᠶᠠᠷᠳᠤᠬᠤᠰᠢᠭᠤ ᠨᠠᠰᠤᠳᠠᠨ ᠤ ᠠᠰᠠᠷᠠᠮᠵᠢ ᠶᠢᠨ ᠭᠠᠵᠠᠷ ᠲᠤ ᠬᠦᠷᠴᠤ᠂ ᠬᠠᠷᠠᠭᠠᠯᠵᠠᠬᠤ ᠡᠳᠡᠭᠡᠳ᠂ ᠶᠠᠳᠠᠭᠤ ᠬᠦᠴᠢᠷᠳᠠᠢ ᠴᠡᠷᠢᠭ᠌ ᠡᠴᠨ ᠬᠠᠯᠠᠭᠳᠠᠭᠰᠠᠳ ᠵᠢᠴᠢ ᠲᠤᠤᠷ᠎ᠠ ᠪᠠᠳᠤᠯᠭᠠᠳᠤ ᠡᠷᠤᠭᠡ᠂ ᠲᠠᠪᠤᠨ ᠪᠠᠳᠤᠯᠭᠠᠳᠤ ᠡᠷᠤᠭᠡ᠂ᠭᠠᠮᠰᠢᠭᠳᠠᠭᠰᠨᠨ ᠡᠷᠤᠭᠡ ᠪᠤᠯᠤᠨ ᠨᠠᠰᠤᠳᠠᠨ ᠤ ᠠᠰᠠᠷᠠᠮᠵᠢ ᠶᠢᠨ ᠭᠠᠵᠠᠷ ᠤᠨ ᠨᠠᠰᠤᠳᠠᠢᠴᠤᠤᠯ ᠢ ᠠᠰᠠᠭᠤᠵᠤ ᠲᠤᠬᠤᠨᠢᠭᠤᠯᠤᠨ᠂ ᠲᠠᠳᠠᠨᠠᠷ ᠤᠨ ᠠᠮᠤᠷ ᠮᠡᠨᠳᠤ ᠶᠢ ᠠᠰᠠᠭᠤᠬᠤ ᠶᠢᠨ ᠬᠠᠮᠳᠤ ᠴᠢᠩ ᠰᠡᠳᠬᠢᠯ ᠤᠨ ᠵᠦᠩᠨᠡᠯ ᠲᠠᠪᠰᠢᠬᠦᠯᠵᠤ᠂ ᠨᠠᠮ ᠪᠠ ᠵᠠᠰᠠᠭ ᠤᠨ ᠬᠦᠨ ᠲᠤᠳᠤᠨᠤ ᠬᠠᠯᠠᠮᠵᠢᠯᠠᠯ ᠢ ᠬᠦᠷᠭᠡᠭᠰᠨᠨ ᠪᠠᠢᠨ᠎ᠡ᠃



ᠬᠠᠮᠳᠤ ᠳᠤᠨᠢ᠂ᠪᠠᠶᠠᠨᠰᠠᠩ ᠨᠠᠷ ᠪᠠᠰᠨ ᠪᠠᠶᠠᠷᠳᠤᠬᠤᠰᠢᠭᠤ ᠪᠠᠯᠭᠠᠰᠤᠨ ᠤ ᠨᠠᠰᠤᠳᠠᠨ ᠤ ᠠᠰᠠᠷᠠᠮᠵᠢ ᠶᠢᠨ ᠭᠠᠵᠠᠷ ᠪᠤᠯᠤᠨ ᠲᠤᠰᠤ ᠨᠡᠮᠡᠬᠦ ᠦᠷᠳᠡᠭᠡ ᠵᠡᠷᠭᠡ ᠭᠠᠵᠠᠷ ᠤᠨ ᠠᠶᠤᠯᠬᠦᠢ ᠤᠢᠯᠡᠳᠪᠤᠷᠢᠯᠡᠯ ᠤᠨ ᠪᠠᠢᠳᠠᠯ ᠳᠤ ᠪᠠᠢᠴᠠᠭᠠᠯᠳᠠ ᠶᠢᠨ ᠲᠠᠭᠠᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯ ᠤᠨ ᠮᠡᠳᠡᠬᠦᠯᠤᠯᠳᠠ ᠶᠢ ᠰᠤᠨᠤᠰᠤᠨ᠂ ᠪᠠᠴᠢᠮ ᠪᠠᠢᠳᠠᠯ ᠢ ᠠᠷᠭᠠᠴᠠᠬᠤ ᠤᠷᠢᠳᠴᠢᠯᠠᠭᠰᠨᠨ ᠲᠦᠰᠤᠪ ᠤᠨ ᠲᠤᠭᠳᠠᠭᠠᠯ ᠪᠤᠯᠤᠨ ᠢᠳᠡᠭᠡᠨ ᠡᠮ ᠤᠨ ᠵᠤᠢᠯ ᠤᠨ ᠠᠶᠤᠯᠬᠦᠢ ᠬᠠᠮᠢᠶᠠᠷᠤᠯᠳᠠ ᠶᠢᠨ ᠪᠠᠢᠳᠠᠯ ᠢ ᠨᠠᠷᠢᠯᠢᠭ ᠤᠢᠯᠠᠭᠠᠪᠠ᠃

   ᠪᠠᠶᠠᠨᠰᠠᠩ ᠱᠠᠭᠠᠷᠳᠠᠭᠰᠨᠨ ᠨᠢ᠂ ᠬᠠᠮᠢᠶ᠎ᠠ ᠪᠦᠬᠦᠢ ᠰᠠᠯᠠᠭ᠎ᠠ ᠮᠦᠴᠢᠷ ᠡᠴᠨ ᠵᠢᠯ ᠤᠨ ᠡᠴᠤᠰ ᠪᠠ ᠵᠢᠯ ᠤᠨ ᠡᠬᠢᠨ ᠤ ᠠᠶᠤᠯᠬᠦᠢ ᠤᠢᠯᠡᠳᠪᠤᠷᠢᠯᠡᠯ ᠤᠨ ᠠᠵᠢᠯ ᠢ ᠦᠨᠡᠨᠬᠦ ᠰᠠᠢᠳᠤᠷ ᠬᠢᠵᠤ᠂ᠪᠠᠴᠢᠮ ᠪᠠᠢᠳᠠᠯ ᠢ ᠠᠷᠭᠠᠴᠠᠬᠤ ᠤᠷᠢᠳᠴᠢᠯᠠᠭᠰᠨᠨ ᠲᠦᠰᠤᠪ ᠶᠢᠠᠨ ᠲᠠᠬᠦᠯᠳᠡᠷᠵᠢᠬᠦᠯᠤᠨ᠂ ᠪᠠᠴᠢᠮ ᠪᠠᠢᠳᠠᠯ ᠢ ᠠᠷᠭᠠᠴᠠᠬᠤ ᠵᠢᠵᠢᠬᠦᠷᠯᠡᠭᠴᠢ ᠶᠢᠨ ᠲᠦᠷᠢᠮ ᠢ ᠪᠠᠢᠭᠤᠯᠵᠤ᠂ ᠠᠶᠤᠯᠬᠦᠢ ᠶᠢᠨ ᠲᠠᠯᠳᠠ ᠬᠤᠤᠷᠳᠠᠯ ᠢ ᠡᠷᠡᠰ ᠦᠭᠡᠢᠰᠭᠡᠨ᠂ ᠤᠨᠴᠨ ᠶᠡᠭᠡ ᠠᠮᠤᠷ ᠲᠦᠪᠰᠢᠨ ᠤ ᠡᠨᠳᠡᠭᠳᠡᠯ ᠡᠬᠦᠰᠬᠦ ᠶᠢ ᠠᠷᠢᠯᠭᠠᠵᠤ᠂ ᠪᠠᠶᠠᠷ ᠪᠠᠶᠠᠰᠤᠯ ᠲᠠᠢ᠂ ᠠᠮᠤᠷ ᠲᠠᠢᠪᠤᠩ ᠰᠢᠨ᠎ᠡ ᠵᠢᠯ ᠢ ᠦᠩᠭᠡᠷᠡᠬᠡᠬᠦ ᠶᠢ ᠪᠠᠳᠤᠯᠠᠬᠤ ᠭᠡᠷᠡᠭᠳᠡᠢ ᠭᠡᠵᠡᠢ᠃

ᠡᠮᠦᠨᠡᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠢᠨ᠎ᠡ ᠵᠢᠯ ᠤᠨ ᠪᠠᠶᠠᠷ ᠤᠨ ᠦᠭᠡ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠠᠵᠢᠯ ᠡᠴᠨ ᠪᠠᠨ ᠠᠮᠠᠷᠠᠭᠰᠨᠨ ᠠᠬᠠᠮᠠᠳ ᠺᠠᠳ᠋ᠷ ᠢ ᠪᠤᠯᠭᠤᠭᠠᠨ ᠲᠤᠬᠤᠨᠢᠭᠤᠯᠤᠭᠰᠨᠨ ᠨᠢ