ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠰᠤᠷᠤᠯᠴᠠᠨ ᠰᠤᠳᠤᠯᠤᠨ ᠶᠠᠷᠢᠯᠴᠠᠬᠤ ᠵᠢᠴᠢ ᠨᠠᠮ ᠤᠨ ᠲᠦᠷᠢᠮ ᠲᠤᠭᠳᠠᠭᠠᠯ ᠢ ᠪᠤᠯᠪᠠᠰᠤᠷᠠᠩᠭᠤᠢ ᠡᠵᠡᠮᠰᠢᠬᠦ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠨᠨ ᠨᠢ

 

1 ᠰᠠᠷ᠎ᠠ ᠶᠢᠨ16᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠡᠴᠨ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠵᠢᠴᠢ ᠨᠠᠮ ᠤᠨ ᠲᠦᠷᠢᠮ ᠲᠤᠭᠳᠠᠭᠠᠯ ᠢ ᠪᠤᠯᠪᠠᠰᠤᠷᠠᠩᠭᠤᠢ ᠡᠵᠡᠮᠰᠢᠬᠦ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠪᠡ᠃ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠪᠡ᠃

ᠬᠤᠷᠠᠯ ᠳᠤ ᠤᠷᠤᠯᠴᠠᠭᠰᠠᠨ ᠨᠠᠮ ᠤᠨ ᠭᠡᠰᠢᠬᠦᠨ ᠺᠠᠳ᠋ᠷ  ᠡᠴᠨ ᠰᠢ ᠵᠢᠨ ᠫᠢᠩ ᠶᠡᠷᠤᠩᠭᠡᠢ ᠱᠦᠵᠢ ᠶᠢᠨ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠳ᠋ᠦ᠋᠋ᠩᠨᠡᠯᠳᠠ ᠶᠢᠨ ᠬᠤᠷᠠᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠳᠤᠯᠤᠨ ᠶᠠᠷᠢᠯᠴᠠᠪᠠ᠃

ᠰᠤᠳᠤᠯᠤᠨ ᠶᠠᠷᠢᠯᠴᠠᠬᠤ ᠬᠤᠷᠠᠯ ᠲᠠᠭᠤᠰᠤᠭᠰᠨᠨ ᠤ ᠲᠠᠷᠠᠭ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠡᠴᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠨᠠᠮ ᠤᠨ ᠲᠦᠷᠢᠮ ᠲᠤᠭᠳᠠᠭᠠᠯ ᠢ ᠪᠤᠯᠪᠠᠰᠤᠷᠠᠩᠭᠤᠢ ᠡᠵᠡᠮᠰᠢᠬᠦ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠪᠡ᠃

ᠬᠦᠳᠡᠯᠭᠡᠭᠡᠨ ᠤ ᠲᠤᠮᠳᠠ᠂ ᠨᠠᠮ ᠤᠨ ᠡᠬᠦᠷ ᠡᠴᠨ ᠪᠠᠰᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠮᠡᠳᠡᠯᠭᠡ ᠶᠢᠨ ᠰᠤᠷᠢᠯᠳᠠ ᠶᠠᠪᠤᠭᠤᠯᠵᠤ᠂ ᠨᠠᠮ ᠤᠨ ᠭᠡᠰᠢᠬᠦᠨ ᠤ ᠨᠠᠮ ᠤᠨ ᠲᠦᠷᠢᠮ ᠲᠤᠭᠳᠠᠭᠠᠯ ᠤᠨ ᠬᠠᠮᠢᠶ᠎ᠠ ᠪᠦᠬᠦᠢ ᠮᠡᠳᠡᠯᠭᠡ ᠶᠢ ᠪᠤᠯᠪᠠᠰᠤᠷᠠᠩᠭᠤᠢ ᠡᠵᠡᠮᠰᠢᠬᠦ ᠳᠤ ᠬᠠᠪᠰᠤᠷᠤᠮᠵᠢ ᠪᠤᠯᠭᠠᠪᠠ᠃

ᠲᠤᠰ ᠤᠳᠠᠭᠠᠨ ᠤ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠨᠢ ᠬᠤᠷᠠᠯ ᠳᠤ ᠤᠷᠤᠯᠴᠠᠭᠰᠨᠨ ᠪᠦᠬᠦ ᠨᠠᠮ ᠤᠨ ᠭᠡᠰᠢᠬᠦᠤᠨ ᠲᠤ ᠨᠢᠭᠡᠨ ᠤᠳᠠᠭᠠᠨ ᠤ ᠬᠦᠨᠵᠡᠭᠡᠢ ᠵᠤᠷᠢᠭ ᠰᠠᠨᠠᠭᠠᠨ ᠤ ᠤᠬᠢᠶᠠᠯ ᠬᠦᠷᠳᠡᠭᠡᠨ᠂ᠬᠤᠪᠢ ᠬᠦᠮᠤᠨ ᠤ ᠬᠦᠰᠡᠯ ᠢᠳᠡᠭᠡᠯ ᠢ ᠪᠠᠳᠤᠳᠬᠠᠭᠰᠨᠨ ᠶᠢᠠᠷ ᠪᠠᠷᠠᠬᠤ ᠦᠭᠡᠢ᠂ ᠨᠠᠮ ᠤᠨ ᠠᠵᠢᠯ ᠤᠢᠯᠡᠰ ᠲᠤ ᠬᠠᠢᠷ᠎ᠠ ᠲᠠᠢ ᠪᠠ ᠦᠨᠡᠨᠴᠢ ᠪᠠᠢᠬᠤ ᠶᠢ ᠨᠡᠩ ᠪᠠᠳᠤᠳᠬᠠᠭᠰᠨᠨ ᠪᠠᠢᠨ᠎ᠡ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠳ᠋ᠦ᠋ᠩᠨᠡᠯᠳᠠ ᠶᠢᠨ ᠬᠤᠷᠠᠯ ᠬᠤᠷᠠᠯᠳᠤᠭᠤᠯᠤᠭᠰᠨᠨ ᠨᠢ