ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠳ᠋ᠦ᠋ᠩᠨᠡᠯᠳᠠ ᠶᠢᠨ ᠬᠤᠷᠠᠯ ᠬᠤᠷᠠᠯᠳᠤᠭᠤᠯᠤᠭᠰᠨᠨ ᠨᠢ
1 ᠰᠠᠷ᠎ᠠ ᠶᠢᠨ16᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠳ᠋ᠦ᠋ᠩᠨᠡᠯᠳᠠ ᠶᠢᠨ ᠬᠤᠷᠠᠯ ᠬᠤᠷᠠᠯᠳᠤᠭᠤᠯᠪᠠ᠃ᠬᠤᠷᠠᠯ ᠡᠴᠨ ᠰᠢ ᠵᠢᠨ ᠫᠢᠩ ᠶᠡᠷᠤᠩᠭᠡᠢ ᠱᠦᠵᠢ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠳ᠋ᠦ᠋ᠩᠨᠡᠯᠳᠠ ᠶᠢᠨ ᠬᠤᠷᠠᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠳᠤᠯᠤᠨ ᠶᠠᠷᠢᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠬᠤᠷᠠᠯ ᠳᠤ ᠤᠷᠤᠯᠴᠠᠪᠠ᠃




ᠬᠤᠷᠠᠯ ᠡᠴᠨ ᠱᠠᠭᠠᠷᠳᠠᠭᠰᠨᠨ ᠨᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠵᠢᠴᠢ ᠪᠠᠢᠭᠤᠯᠭ᠎ᠠ ᠶᠢᠨ ᠨᠠᠮ ᠤᠨ ᠡᠬᠦᠷ ᠤᠯᠤᠰ ᠲᠦᠷᠤ ᠶᠢᠨ ᠵᠤᠭᠰᠤᠴᠨ ᠪᠠᠨ ᠴᠢᠩᠭᠠᠷᠠᠭᠤᠯᠵᠤ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠢᠷᠡᠬᠦᠯᠤᠨ᠂ ᠭᠤᠤᠯ ᠰᠡᠳᠤᠪᠳᠤ ᠬᠦᠮᠤᠵᠢᠯ ᠤᠨ ᠦᠷ᠎ᠠ ᠪᠦᠳᠤᠮᠵᠢ ᠶᠢ ᠨᠠᠷᠢᠨ ᠬᠢᠨᠠᠮᠠᠭᠠᠢ ᠳ᠋ᠦ᠋ᠩᠨᠡᠵᠤ᠂ᠤᠭ ᠰᠠᠨᠠᠭ᠎ᠠ ᠡᠬᠦᠷᠭᠡ ᠬᠠᠷᠢᠭᠤᠴᠠᠯᠭᠠᠳᠤ ᠤᠬᠠᠮᠰᠠᠷᠳᠤ ᠴᠢᠨᠠᠷ ᠪᠠ ᠡᠷᠡᠰ ᠪᠠᠳᠤᠴᠢ ᠴᠢᠨᠠᠷ ᠢ ᠤᠯᠠᠮ ᠨᠢᠭᠡ ᠠᠯᠬᠤᠮ ᠨᠡᠮᠡᠭᠳᠡᠬᠦᠯᠬᠦ ᠭᠡᠷᠡᠭᠳᠡᠢ ᠭᠡᠵᠡᠢ᠃