ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢᠩᠭᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠪᠤᠯᠭᠤᠭᠠᠨ ᠲᠤᠬᠤᠨᠢᠭᠤᠯᠬᠤ ᠠᠵᠢ᠍ᠯᠯᠠᠭ᠎ᠠ ᠦᠷᠨᠢᠭᠦᠯᠦᠭ᠍ᠰᠡᠨ ᠨᠢ
ᠴᠠᠭᠠᠨ ᠰᠠᠷ᠎ᠠ ᠢᠷᠡᠬᠦ ᠶᠢ ᠳᠠᠭᠠᠯᠳ᠋ᠤᠨ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢᠩᠭᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ᠂ᠳᠡᠳ᠋ ᠡᠷᠬᠢᠯᠡᠭ᠍ᠴᠢ ᠡᠤ ᠰᠢ᠍ᠶᠤᠤ᠂ ᠪᠦ᠋ ᠮᠤᠤ ᠰᠢ᠍ᠶᠠᠩ᠂ ᠦᠷᠡᠪᠠᠲᠦ᠂ ᠰᠥᠩ ᠯᠢ᠍ᠶᠠᠨ ᠡᠾᠦᠢ᠍ᠢ ᠤᠷᠢ᠍ᠳ ᠬᠤᠵᠢ᠍ᠳ ᠪᠠᠶᠠᠷᠲᠤᠬᠤᠰᠢ᠍ᠭᠤ ᠪᠠᠯᠭᠠᠰᠤ᠂ ᠯᠦ᠋ᠪᠸᠢ ᠪᠠᠯᠭᠠᠰᠤ᠂ ᠦᠷᠭᠡᠨᠲᠠᠯ᠎ᠠ ᠲᠠᠷᠢ᠍ᠶᠠᠯᠠᠩ ᠤᠨ ᠲᠠᠯᠠᠪᠠᠢ᠂ ᠴᠢ᠍ᠨᠳ᠋ᠠᠮᠦᠨᠢ ᠰᠤᠮᠤ᠂ ᠦᠨᠡᠭᠡᠴᠢ ᠰᠤᠮᠤ᠂ ᠦᠯᠵᠡᠢ᠌ᠮᠦ᠋ᠷᠡᠨ ᠰᠤᠮᠤ ᠵᠡᠷᠭᠡ ᠭᠠᠵᠠᠷ ᠲᠣ ᠬᠦᠷᠴᠤ᠂ ᠠᠵᠢ᠍ᠯ ᠡᠴᠨ ᠪᠠᠨ ᠠᠮᠠᠷᠠᠭᠰᠠᠨ ᠠᠬᠠᠮᠠᠳ ᠺᠠᠲᠷ᠂ ᠴᠡᠷᠢ᠍ᠭ᠌ ᠡᠴᠨ ᠬᠠᠯᠠᠭᠳ᠋ᠠᠭᠰᠠᠳ᠂ᠦᠩᠭᠡᠷᠡᠭ᠍ᠰᠡᠨ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ᠍ᠳ ᠪᠤᠯᠤᠨ ᠠᠮᠢ᠍ᠳ᠋ᠤᠷᠠᠯ ᠨᠢ ᠬᠦᠴᠢ᠍ᠷᠳ᠋ᠠᠢ ᠬᠦᠮᠦᠰ ᠢ ᠪᠤᠯᠭᠤᠭᠠᠨ ᠲᠤᠬᠤᠨᠢᠭᠤᠯᠵᠤ᠂ ᠲᠠᠳ᠋ᠡᠨᠤᠰ ᠲᠣ ᠨᠠᠮ ᠤᠨ ᠬᠠᠢ᠌ᠷ᠎ᠠ ᠬᠠᠯᠠᠮᠵᠢ ᠪᠠ ᠰᠢ᠍ᠨ᠎ᠠ ᠵᠢᠯ ᠦᠨ ᠮᠡᠨᠳ᠋ᠦᠴᠢ᠍ᠯᠡᠯ ᠬᠦᠷᠭᠡᠪᠡ᠃
ᠬᠦᠷᠦᠭ᠍ᠰᠡᠨ ᠭᠠᠵᠠᠷ ᠪᠤᠯᠭᠠᠨ ᠳ᠋ᠥ᠂ ᠪᠠᠶᠠᠨᠰᠠᠩ ᠵᠡᠷᠭᠡ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠨᠡᠷ ᠡᠴᠨ ᠲᠠᠳ᠋ᠡᠨᠤᠰ ᠤᠨ ᠪᠡᠶ᠎ᠠ ᠮᠠᠬᠠᠪᠤᠳ ᠤᠨ ᠪᠠᠢ᠌ᠳ᠋ᠠᠯ᠂ ᠠᠮᠢ᠍ᠳ᠋ᠤᠷᠠᠯ ᠤᠨ ᠪᠠᠢ᠌ᠳ᠋ᠠᠯ ᠪᠠ ᠤᠷᠤᠰᠢ᠍ᠵᠤ ᠪᠠᠢ᠌ᠭ᠎ᠠ ᠬᠦᠴᠢ᠍ᠷᠳ᠋ᠡᠯ ᠢ ᠨᠢ ᠨᠠᠷᠢ᠍ᠯᠢ᠍ᠭ ᠠᠰᠠᠭᠤᠨ ᠤᠢ᠌ᠯᠠᠭᠠᠪᠠ᠃

ᠪᠠᠶᠠᠨᠰᠠᠩ ᠡᠷᠬᠢᠯᠡᠭ᠍ᠴᠢ ᠡᠴᠨ ᠪᠠᠢ᠌ᠩᠭ᠋ᠤ ᠶᠢᠨ ᠬᠤᠷᠢ᠍ᠶ᠎ᠠ ᠶᠢᠨ ᠠᠵᠢ᠍ᠯ ᠡᠴᠨ ᠪᠠᠨ ᠠᠮᠠᠷᠠᠭᠰᠠᠨ ᠠᠬᠠᠮᠠᠳ ᠺᠠᠲᠷ ᠢ ᠪᠤᠯᠭᠤᠭᠠᠨ ᠲᠤᠬᠤᠨᠢᠭᠤᠯᠵᠤ ᠪᠠᠢ᠌ᠭ᠎ᠠ᠃
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠤᠳ᠋ᠤᠷᠢ᠍ᠳ᠋ᠤᠯᠭ᠎ᠠ ᠦᠨᠳ᠋ᠦᠰᠦᠨ ᠱᠠᠳ᠋ᠤᠨ ᠳ᠋ᠥ ᠭᠦᠨᠵᠡᠭᠡᠢ᠌ᠷᠡᠵᠤ ᠪᠤᠯᠭᠤᠭᠠᠨ ᠲᠤᠬᠤᠨᠢᠭᠤᠯᠬᠤ ᠠᠵᠢ᠍ᠯᠯᠠᠭ᠎ᠠ ᠦᠷᠨᠢᠭᠦᠯᠵᠦ ᠪᠠᠢ᠌ᠭ᠎ᠠ᠃



ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠡᠤ ᠰᠢ᠍ᠶᠤᠤ᠂ ᠦᠷᠡᠪᠠᠲᠦ ᠡᠴᠨ ᠦᠩᠭᠡᠷᠡᠭ᠍ᠰᠡᠨ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢ ᠶᠸᠰᠢ᠍ᠰᠠᠩᠪᠦ᠂ ᠪᠦᠷᠢᠨᠪᠠᠶᠠᠷ᠂ ᠰᠤᠪᠤᠳ ᠶᠢ ᠪᠤᠯᠭᠤᠭᠠᠨ ᠲᠤᠬᠤᠨᠢᠭᠤᠯᠵᠤ ᠪᠠᠢ᠌ᠭ᠎ᠠ᠃