ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠨ ᠬᠢᠵᠢᠭ᠌ ᠤᠨ ᠪᠠᠢᠳᠠᠯ ᠢ ᠰᠡᠷᠬᠡᠢᠯᠡᠨ ᠡᠵᠡᠮᠳᠡᠬᠦ ᠠᠵᠢᠯ ᠳᠤ ᠪᠠᠢᠴᠠᠭᠠᠨ ᠵᠢᠯᠤᠭᠤᠳᠤᠯᠭ᠎ᠠ ᠬᠢᠭᠰᠡᠡ ᠨᠢ
ᠬᠢᠵᠢᠭ᠌ ᠤᠨ ᠪᠠᠢᠳᠠᠯ ᠢ ᠰᠡᠷᠬᠡᠢᠯᠡᠨ ᠡᠵᠡᠮᠳᠡᠵᠤ ᠬᠤᠷᠢᠭᠯᠠᠨ ᠠᠷᠢᠯᠭᠠᠬᠤ ᠲᠠᠢᠯᠠᠯᠳᠤᠭᠠᠨ ᠤ ᠢᠯᠡᠯᠳᠠ ᠶᠢ ᠲᠠᠮᠡᠴᠡᠨ ᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠬᠦᠯ ᠴᠢᠬᠢᠷᠠᠭ ᠢ ᠪᠠᠳᠤᠯᠠᠬᠤ ᠶᠢᠨ ᠲᠦᠯᠤᠭᠡ᠂1ᠰᠠᠷ᠎ᠠ ᠶᠢᠨ29᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠬᠦᠨᠵᠡᠭᠡᠢᠷᠡᠨ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠤᠨ ᠬᠠᠯᠳᠠᠪᠤᠷᠢᠯᠡᠯ ᠤᠨ ᠠᠭᠤᠰᠬᠢᠨ ᠦᠷᠪᠢᠰᠤᠯ ᠤᠨ ᠬᠢᠵᠢᠭ᠌ ᠤᠨ ᠪᠠᠢᠳᠠᠯ ᠢ ᠰᠡᠷᠬᠡᠢᠯᠡᠨ ᠡᠵᠡᠮᠳᠡᠬᠦ ᠠᠵᠢᠯ ᠳᠤ ᠪᠠᠢᠴᠠᠭᠠᠨ ᠵᠢᠯᠤᠭᠤᠳᠤᠯᠭ᠎ᠠ ᠬᠢᠬᠦ ᠶᠢᠨ ᠬᠠᠮᠳᠤ᠂ ᠬᠢᠵᠢᠭ᠌ ᠤᠨ ᠪᠠᠢᠳᠠᠯ ᠢ ᠰᠡᠷᠬᠡᠢᠯᠡᠨ ᠡᠵᠡᠮᠳᠡᠬᠦ ᠨᠢᠭᠡᠳᠤᠭᠡᠷ ᠹᠷᠤᠨᠲ ᠲᠤ ᠠᠵᠢᠯᠯᠠᠵᠤ ᠪᠠᠢᠭ᠎ᠠ ᠺᠠᠳ᠋ᠷ ᠤᠯᠠᠨ ᠲᠦᠮᠨᠨ ᠢ ᠪᠤᠯᠭᠤᠭᠠᠨ ᠲᠤᠬᠤᠨᠢᠭᠤᠯᠪᠠ᠃

ᠪᠠᠶᠠᠷᠳᠤᠬᠤᠰᠢᠭᠤ ᠪᠠᠯᠭᠠᠰᠤᠨ ᠤ ᠦᠨᠳᠤᠷᠬᠠᠳᠠ ᠭᠠᠴᠠᠭ᠎ᠠ ᠪᠠ ᠪᠠᠶᠠᠷᠳᠤᠬᠤᠰᠢᠭᠤ ᠭᠠᠴᠠᠭ᠎ᠠ ᠶᠢᠨ304 ᠤᠯᠤᠰ ᠤᠨ ᠵᠠᠰᠠᠮᠠᠯ ᠵᠠᠮ ᠤᠨ ᠠᠭᠤᠯᠵᠠᠷ ᠤᠨ ᠬᠢᠨᠠᠨ ᠰᠢᠯᠭᠠᠵᠤ ᠪᠠᠢᠴᠠᠭᠠᠬᠤ ᠦᠷᠳᠡᠭᠡ ᠵᠡᠷᠭᠡ ᠭᠠᠵᠠᠷ ᠲᠤ᠂ ᠪᠠᠶᠠᠨᠰᠠᠩ ᠡᠴᠨ ᠲᠠᠷᠭᠡ ᠤᠨᠤᠭ᠎ᠠ ᠶᠢᠨ ᠨᠡᠪᠳᠡᠷᠡᠬᠦ᠂ ᠤᠷᠤᠵᠤ ᠭᠠᠷᠬᠤ ᠬᠦᠮᠤᠰ ᠢ ᠪᠠᠢᠴᠠᠭᠠᠨ ᠰᠢᠯᠭᠠᠬᠤ᠂ ᠠᠵᠢᠯ ᠤᠨ ᠪᠠᠢᠷᠢ ᠪᠠᠨ ᠡᠭᠡᠯᠵᠢᠯᠠᠨ ᠵᠢᠵᠢᠬᠦᠷᠯᠡᠬᠦ᠂ ᠠᠵᠢᠯ ᠤᠨ ᠨᠦᠬᠦᠴᠡᠯ ᠵᠢᠴᠢ ᠭᠠᠳᠠᠨ᠎ᠡ ᠡᠴᠨ ᠪᠤᠶᠤ ᠨᠤᠳᠤᠭ ᠲᠠᠭᠠᠨ ᠪᠤᠴᠠᠨ ᠢᠷᠡᠭᠰᠡᠳ ᠤᠨ ᠪᠠᠢᠳᠠᠯ ᠢ ᠪᠠᠢᠴᠠᠭᠠᠨ ᠤᠢᠯᠠᠭᠠᠬᠤ ᠵᠡᠷᠭᠡ ᠶᠢ ᠨᠠᠷᠢᠨ ᠨᠢᠭᠳᠠ ᠠᠰᠠᠭᠤᠨ ᠯᠠᠪᠯᠠᠪᠠ᠃


ᠪᠠᠶᠠᠨᠰᠠᠩ ᠱᠠᠭᠠᠷᠳᠠᠭᠰᠨᠨ ᠨᠢ᠂ ᠨᠢᠭᠡᠳᠤᠭᠡᠷ ᠹᠷᠤᠨᠲ ᠲᠤ ᠠᠵᠢᠯᠯᠠᠭᠰᠠᠳ ᠠᠵᠢᠯ ᠤᠨ ᠪᠠᠢᠷᠢ ᠪᠠᠨ ᠰᠠᠢᠳᠤᠷ ᠰᠠᠬᠢᠵᠤ᠂ᠡᠬᠦᠷᠭᠡ ᠬᠠᠷᠢᠭᠤᠴᠠᠯᠭ᠎ᠠ ᠪᠠᠨ ᠰᠠᠢᠳᠤᠷ ᠬᠦᠢᠴᠡᠳᠭᠡᠨ᠂ ᠦᠪᠡᠷ ᠤᠨ ᠪᠠᠶ᠎ᠠ ᠶᠢᠨ ᠰᠡᠷᠭᠡᠢᠯᠡᠨ ᠬᠠᠮᠠᠭᠠᠯᠠᠯᠳᠠ ᠪᠠᠨ ᠴᠢᠩᠭᠠᠳᠬᠠᠵᠤ᠂ ᠡᠷᠳᠡ ᠢᠯᠡᠷᠡᠬᠦᠯᠤᠨ᠂ ᠡᠷᠳᠡ ᠮᠡᠳᠡᠬᠦᠯᠵᠤ᠂ ᠡᠷᠳᠡ ᠲᠤᠰᠠᠭᠠᠷᠯᠠᠠ᠂ ᠬᠢᠵᠢᠭ᠌ ᠤᠨ ᠪᠠᠢᠳᠠᠯ ᠢ ᠬᠤᠷᠢᠭᠯᠠᠨ ᠡᠵᠡᠮᠳᠡᠬᠦ ᠠᠵᠢᠯ ᠢ ᠪᠤᠳᠠᠳᠠᠢ ᠳᠤ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃