ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠰᠢᠨ᠎ᠠ ᠭᠡᠯᠪᠡᠷᠢ ᠶᠢᠨ ᠲᠢᠳᠢᠮᠯᠢᠭ᠌ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠤᠯ ᠢ ᠬᠤᠯᠪᠤᠭᠠᠯᠠᠨ ᠰᠡᠷᠭᠡᠢᠯᠡᠵᠤ ᠡᠵᠡᠮᠳᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ᠌


ᠪᠦᠬᠦ ᠬᠤᠰᠢᠭᠤᠨ ᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠳᠤ᠄

ᠰᠢᠨ᠎ᠡ ᠵᠢᠯ ᠤᠨ ᠡᠬᠢᠯᠡᠯ ᠳᠤ᠂ᠰᠢᠨ᠎ᠡ ᠭᠡᠯᠪᠡᠷᠢ ᠶᠢᠨ ᠲᠢᠳᠡᠮᠯᠢᠭ᠌ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠤᠯ ᠤᠨ ᠬᠢᠵᠢᠭ᠌ ᠤᠨ ᠡᠬᠦᠰᠦᠭᠰᠨᠨ ᠡᠴᠨ ᠬᠦᠮᠤᠨ ᠪᠦᠬᠦᠨ ᠤ ᠠᠮᠢ ᠨᠠᠰᠤ᠂ ᠡᠷᠡᠬᠦᠯ ᠴᠢᠬᠢᠷᠠᠭ ᠲᠠᠢ ᠬᠤᠯᠪᠤᠭᠳᠠᠬᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠲᠠᠢᠯᠠᠯᠳᠤᠭᠠᠨ ᠶᠠᠭ ᠶᠠᠪᠤᠭᠳᠠᠵᠤ ᠪᠠᠢᠨ᠎ᠡ᠃ ᠬᠢᠵᠢᠭ᠌ ᠢ ᠰᠡᠷᠭᠡᠢᠯᠡᠨ ᠡᠵᠡᠮᠳᠡᠬᠦ ᠳᠤ ᠬᠦᠮᠤᠨ ᠪᠦᠬᠦᠨ ᠬᠠᠷᠢᠭᠤᠴᠠᠯᠭ᠎ᠠ ᠲᠠᠢ᠂ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠤᠯ ᠤᠨ ᠬᠢᠵᠢᠭ᠌ ᠤᠨ ᠬᠦᠨᠳᠤ ᠰᠦᠷᠡᠭᠡᠢ ᠪᠠᠢᠭ᠎ᠠ ᠪᠠᠢᠳᠠᠯ ᠲᠤᠤᠷ᠎ᠠ᠂ᠪᠦᠬᠦ ᠬᠤᠰᠢᠭᠤᠨ ᠤ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ  ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ《ᠲᠦᠷᠪᠠᠨ ᠤᠬᠠᠮᠰᠠᠷ》᠋ ᠶᠢᠠᠨ ᠨᠡᠮᠡᠭᠳᠡᠬᠦᠯᠵᠤ᠂《ᠲᠦᠷᠪᠠᠨ ᠢᠳᠡᠭᠡᠯ》᠋ ᠶᠢᠠᠨ ᠪᠠᠳᠤᠳᠬᠠᠨ᠂《ᠬᠤᠶᠠᠷ ᠢ ᠬᠦᠷᠢᠶᠡᠯᠡᠬᠦ》᠋ ᠶᠢ ᠰᠠᠢᠳᠤᠷ ᠬᠢᠵᠤ᠂ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠤᠯᠤᠰ ᠲᠦᠷᠤ ᠶᠢᠨ ᠤᠬᠠᠮᠰᠠᠷ ᠪᠠ ᠡᠬᠦᠷᠭᠡ ᠬᠠᠷᠢᠭᠤᠴᠠᠯᠭ᠎ᠠ ᠪᠠᠨ ᠡᠷᠡᠰ ᠬᠠᠷᠢᠭᠤᠴᠠᠨ᠂ ᠡᠯ᠎ᠠ ᠵᠤᠢᠯ ᠤᠨ ᠤᠷᠢᠳᠴᠢᠯᠠᠨ ᠰᠡᠷᠭᠡᠢᠯᠡᠬᠦ ᠠᠷᠭ᠎ᠠ ᠠᠪᠴᠠᠯ ᠢ ᠠᠪᠴᠤ᠂ ᠡᠨᠡᠬᠦ ᠤᠳᠤᠭ᠎ᠠ ᠦᠭᠡᠢ ᠲᠠᠢᠨ ᠤ ᠢᠯᠡᠯᠳᠠ ᠶᠢ ᠡᠷᠡᠰ ᠲᠠᠮᠡᠴᠡᠨ ᠤᠯᠬᠤ ᠭᠡᠷᠡᠭᠳᠡᠢ᠃ᠡᠬᠦᠨ ᠳᠤ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠡᠴᠨ ᠪᠦᠬᠦ ᠬᠤᠰᠢᠭᠤᠨ ᠤ ᠠᠷᠠᠳ ᠤᠨ ᠲᠦᠯᠦᠭᠡᠯᠡᠭᠴᠢᠳ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠺᠠᠳ᠋ᠷ ᠠᠵᠢᠯᠳᠠᠳ ᠲᠤ᠂ ᠲᠠᠭᠡᠷ᠎ᠠ ᠱᠠᠳᠤᠨ ᠤ ᠱᠠᠭᠠᠷᠳᠠᠯᠭ᠎ᠠ ᠶᠢ ᠰᠠᠢᠳᠤᠷ ᠨᠠᠢᠳᠠᠪᠤᠷᠢᠵᠢᠭᠤᠯᠵᠤ᠂ ᠬᠤᠪᠢ ᠪᠠᠶ᠎ᠠ ᠪᠡᠷ ᠶᠢᠠᠨ ᠰᠠᠢᠳᠤᠷ ᠵᠢᠱᠢᠶᠡᠴᠢ ᠲᠠᠭᠤᠷᠢᠶᠠᠯ ᠪᠤᠯᠵᠤ᠂ ᠦᠪᠡᠷ ᠤᠨ ᠪᠠᠶ᠎ᠠ ᠪᠠᠨ ᠰᠠᠢᠳᠤᠷ ᠬᠠᠮᠠᠭᠠᠯᠠᠨ᠂ ᠰᠡᠳᠬᠢᠯ ᠰᠠᠨᠠᠭ᠎ᠠ ᠪᠠᠨ ᠰᠠᠢᠳᠤᠷ ᠪᠠᠢᠯᠭᠠᠨ ᠪᠠᠴᠢᠮᠳᠠᠨ ᠰᠠᠨᠳᠤᠷᠴᠤ ᠪᠤᠯᠬᠤ ᠦᠭᠡᠢ ᠭᠡᠵᠤ ᠰᠠᠨᠠᠭᠠᠴᠢᠯᠠᠪᠠ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠦᠨᠳᠤᠰᠤᠨ ᠱᠠᠳᠤᠨ ᠳᠤ ᠬᠦᠨᠵᠡᠭᠡᠢᠷᠡᠨ ᠬᠢᠵᠢᠭ᠌ ᠢ ᠰᠡᠷᠭᠡᠢᠯᠡᠨ ᠡᠵᠡᠮᠳᠡᠬᠦ ᠠᠵᠢᠯ ᠢ ᠦᠷᠨᠢᠬᠦᠯᠦᠭᠰᠨᠨ ᠨᠢ
ᠳᠠᠷᠠᠭᠠᠬᠢ᠄ ᠨᠠᠮ ᠤᠨ ᠭᠡᠰᠢᠬᠦᠨ ᠬᠤᠰᠢᠭᠤᠴᠢᠯᠠᠨ ᠤᠷᠤᠭᠰᠢᠯᠠᠵᠤ ᠬᠢᠵᠢᠭ᠌ ᠢ ᠡᠰᠡᠷᠬᠦᠴᠡᠬᠦ ᠠᠵᠢᠯ ᠤᠨ ᠪᠠᠢᠷᠢ ᠪᠠᠨ ᠪᠠᠳᠤ ᠰᠠᠬᠢᠵᠤ ᠪᠤᠢ