ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠺᠠᠳ᠋ᠷ ᠠᠵᠢᠯᠳᠠᠨ ᠬᠦᠴᠤᠨ ᠨᠢᠭᠡᠳᠡᠢ ᠬᠢᠵᠢᠭ᠌ ᠤᠨ ᠪᠠᠢᠳᠠᠯ ᠢ ᠡᠰᠡᠷᠬᠦᠴᠡᠵᠤ ᠪᠠᠢᠭ᠎ᠠ ᠨᠢ


ᠬᠢᠵᠢᠭ᠌ ᠤᠨ ᠪᠠᠢᠳᠠᠯ ᠪᠤᠯ ᠵᠠᠷᠯᠢᠭ ᠮᠦᠨ᠂ ᠰᠡᠷᠭᠡᠢᠯᠡᠨ ᠡᠵᠡᠮᠳᠡᠬᠦ ᠪᠤᠯ ᠬᠠᠷᠢᠭᠤᠴᠠᠯᠭ᠎ᠠ ᠮᠦᠨ᠃ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠡᠴᠨ ᠬᠠᠯᠳᠠᠪᠤᠷᠢᠯᠠᠭᠰᠨᠨ ᠠᠭᠤᠰᠬᠢᠨ ᠦᠷᠪᠢᠰᠤᠯ ᠤᠨ ᠬᠢᠵᠢᠭ᠌ ᠤᠨ ᠪᠠᠢᠳᠠᠯ ᠡᠬᠦᠰᠦᠭᠰᠨᠨ ᠡᠴᠨ ᠨᠠᠰᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠰᠢ ᠵᠢᠨ ᠫᠢᠩ ᠶᠡᠷᠤᠩᠭᠡᠢ ᠱᠦᠵᠢ ᠶᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠲᠤᠬᠠᠢ ᠴᠢᠬᠤᠯᠨ ᠵᠤᠷᠢᠭ ᠰᠠᠨᠠᠨᠭᠠᠨ ᠤ ᠵᠢᠭᠠᠪᠤᠷᠢ  ᠶᠢ ᠡᠷᠡᠰ ᠲᠤᠢᠯᠪᠤᠷᠢᠳᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ᠲᠠᠭᠡᠷ᠎ᠠ ᠱᠠᠳᠤᠨ ᠤ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠭᠡᠷᠡᠭᠵᠢᠬᠦᠯᠤᠨ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠺᠠᠳ᠋ᠷ ᠠᠵᠢᠯᠳᠠᠨ ᠤ ᠡᠩᠨᠡᠭᠡ ᠶᠢᠨ ᠤᠯᠤᠰ ᠲᠦᠷᠤ ᠶᠢᠨ ᠲᠠᠪᠠᠭᠤᠯᠢᠭ᠂ ᠤᠯᠠᠨ ᠲᠦᠮᠨᠨ ᠲᠠᠢ ᠨᠢᠭᠳᠠ ᠬᠠᠷᠢᠴᠠᠬᠤ ᠲᠠᠪᠠᠭᠤᠯᠢᠭ ᠢ ᠬᠦᠢᠴᠡᠳ ᠪᠠᠳᠠᠷᠠᠭᠤᠯᠵᠤ᠂ ᠢᠳᠡᠪᠬᠢᠳᠠᠢ ᠵᠤᠬᠢᠶᠠᠵᠤ ᠪᠠᠢᠭᠤᠯᠤᠨ᠂ ᠨᠠᠷᠢᠯᠢᠭ ᠪᠠᠢᠷᠢᠯᠠᠭᠤᠯᠵᠤ᠂ ᠪᠦᠬᠦ ᠬᠦᠴᠤᠨ ᠶᠢᠠᠷ ᠬᠢᠵᠢᠭ᠌ ᠤᠨ ᠪᠠᠢᠳᠠᠯ ᠲᠠᠢ ᠲᠠᠮᠡᠴᠡᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠠᠷᠢᠭᠤᠴᠠᠯᠭ᠎ᠠ ᠡᠬᠦᠷᠭᠡᠯᠡᠬᠦ ᠶᠢ ᠬᠦᠢᠴᠡᠳ ᠢᠯᠡᠷᠡᠬᠦᠯᠵᠤ᠂ ᠪᠦᠬᠦ ᠬᠤᠰᠢᠭᠤᠨ ᠤ ᠠᠷᠠᠳ ᠲᠦᠮᠨᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠠᠶ᠎ᠠ ᠮᠠᠬᠠᠪᠤᠤᠨ ᠤᠨ ᠡᠷᠡᠬᠦᠯ ᠴᠢᠬᠢᠷᠠᠭ ᠢ ᠪᠠᠳᠤᠯᠠᠵᠤ ᠪᠠᠢᠨ᠎ᠡ᠃


1 ᠰᠠᠷ᠎ᠠ ᠶᠢᠨ31᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠬᠦᠨ᠂ ᠵᠤᠬᠢᠶᠠᠨ ᠪᠠᠢᠭᠤᠯᠬᠤ ᠭᠡᠯᠳᠡᠰ ᠤᠨ ᠲᠠᠷᠤᠭ᠎ᠠ ᠵᠠᠩ ᠬᠠᠨ ᠰᠦᠩ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ ᠨᠠᠷ ᠦᠨᠡᠭᠡᠴᠢ ᠰᠤᠮᠤ ᠶᠢᠨ ᠭᠠᠷᠴᠤ ᠤᠷᠤᠬᠤ ᠴᠡᠭ ᠤᠨ ᠪᠠᠢᠴᠠᠭᠠᠨ ᠭᠡᠮᠵᠢᠬᠦ ᠦᠷᠳᠡᠭᠡ᠂ ᠪᠠᠶᠠᠨ ᠱᠤᠷᠤᠩ ᠭᠠᠴᠠᠭ᠎ᠠ ᠵᠡᠷᠭᠡ ᠴᠢᠬᠤᠯᠨ ᠴᠡᠭ ᠤᠨ ᠪᠤᠳᠠᠳᠠᠢ ᠭᠠᠵᠠᠷ ᠲᠤ ᠬᠦᠷᠴᠤ ᠬᠢᠨᠠᠨ ᠵᠢᠯᠤᠭᠤᠳᠤᠯᠭ᠎ᠠ ᠬᠢᠪᠡ᠃




ᠬᠢᠨᠠᠨ ᠵᠢᠯᠤᠭᠤᠳᠬᠤ ᠲᠤᠭᠤᠢᠯᠠᠩ ᠡᠴᠨ ᠴᠢᠩᠭᠠᠳᠬᠠᠭᠰᠨᠨ ᠨᠢ᠂ ᠤᠯᠤᠰ ᠲᠦᠷᠤ ᠶᠢᠨ ᠵᠤᠭᠰᠤᠴᠨ ᠪᠠᠨ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠬᠢᠵᠢᠭ᠌ ᠤᠨ ᠪᠠᠢᠳᠠᠯ ᠤᠨ ᠬᠦᠭᠵᠢᠯᠳᠠ ᠶᠢ ᠨᠢᠭᠳᠠ ᠠᠩᠬᠠᠷᠤᠨ᠂ ᠵᠤᠬᠢᠶᠠᠨ ᠪᠠᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ᠂ ᠠᠵᠢᠯ ᠤᠨ ᠪᠠᠢᠷᠢ ᠪᠠᠨ ᠪᠠᠳᠤ ᠰᠠᠬᠢᠨ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠡᠯ᠎ᠠ ᠲᠦᠷᠤᠯ ᠤᠨ ᠠᠵᠢᠯ ᠢ ᠪᠦᠬᠦ ᠬᠦᠴᠤᠨ ᠶᠢᠠᠷ ᠰᠠᠢᠳᠤᠷ ᠬᠢᠵᠤ᠂ ᠠᠷᠠᠳ ᠲᠦᠮᠨᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠠ ᠮᠠᠬᠠᠪᠤᠤᠨ ᠤᠨ ᠡᠷᠡᠬᠦᠯ ᠴᠢᠬᠢᠷᠠᠭ ᠢ ᠪᠠᠳᠤᠯᠠᠬᠤ ᠭᠡᠷᠡᠭᠳᠡᠢ᠃ᠤᠯᠨᠨ ᠲᠦᠮᠨᠨ ᠢ ᠵᠤᠬᠢᠶᠠᠨ ᠪᠠᠢᠭᠤᠯᠵᠤ ᠲᠠᠢᠴᠢᠯᠠᠨ᠂ ᠬᠢᠵᠢᠭ᠌ ᠤᠨ ᠪᠠᠢᠳᠠᠯ ᠢ ᠪᠠᠢᠴᠠᠭᠠᠨ ᠭᠡᠮᠵᠢᠬᠦ᠂ᠪᠠᠢᠴᠠᠭᠠᠬᠤ᠂ ᠤᠷᠢᠳᠴᠢᠯᠠᠨ ᠰᠡᠷᠡᠮᠵᠢᠯᠡᠬᠦ᠂ ᠤᠬᠠᠭᠤᠯᠤᠯ ᠵᠡᠷᠭᠡ ᠠᠵᠢᠯ ᠢ ᠬᠠᠮᠵᠢᠯᠴᠠᠨ ᠰᠠᠢᠳᠤᠷ ᠬᠢᠵᠤ᠂ᠬᠤᠯᠪᠤᠭᠠᠯᠠᠨ ᠰᠡᠷᠭᠡᠢᠯᠡᠨ ᠡᠵᠡᠮᠳᠡᠬᠦ᠂ ᠤᠯᠠᠨ ᠶᠢᠠᠷ ᠰᠡᠷᠭᠡᠢᠯᠡᠨ ᠡᠵᠡᠮᠳᠡᠬᠦ᠂ ᠴᠢᠩᠭ᠎ᠠ ᠰᠡᠷᠭᠡᠢᠯᠡᠨ ᠡᠵᠡᠮᠳᠡᠵᠤ᠂ ᠲᠤᠰ ᠤᠳᠠᠭᠠᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠬᠤᠷᠢᠭᠯᠠᠯᠳᠠ ᠶᠢᠨ ᠲᠠᠢᠯᠠᠯᠳᠤᠭᠠᠨ ᠤ ᠢᠯᠡᠯᠳᠠ ᠶᠢ ᠡᠷᠡᠰ ᠲᠠᠮᠡᠴᠨᠨ ᠤᠯᠬᠤ ᠭᠡᠷᠡᠭᠳᠡᠢ ᠭᠡᠵᠡᠢ᠃

 

ᠡᠮᠦᠨᠡᠬᠢ᠄ ᠨᠠᠮ ᠤᠨ ᠭᠡᠰᠢᠬᠦᠨ ᠬᠤᠰᠢᠭᠤᠴᠢᠯᠠᠨ ᠤᠷᠤᠭᠰᠢᠯᠠᠵᠤ ᠬᠢᠵᠢᠭ᠌ ᠢ ᠡᠰᠡᠷᠬᠦᠴᠡᠬᠦ ᠠᠵᠢᠯ ᠤᠨ ᠪᠠᠢᠷᠢ ᠪᠠᠨ ᠪᠠᠳᠤ ᠰᠠᠬᠢᠵᠤ ᠪᠤᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠭᠡᠰᠢᠬᠦᠤᠨ ᠬᠦᠳᠡᠯᠤᠯᠴᠠᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠵᠤ ᠪᠠᠢᠭ᠎ᠠ ᠨᠢ