ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠤᠳᠤᠷᠢᠳᠤᠯᠭ᠎ᠠ ᠦᠨᠳᠤᠰᠤᠨ ᠱᠠᠳᠤᠨ ᠳᠤ᠁
ᠬᠤᠰᠢᠭᠤᠨ ᠤ ᠤᠳᠤᠷᠢᠳᠤᠯᠭ᠎ᠠ ᠦᠨᠳᠤᠰᠤᠨ ᠱᠠᠳᠤᠨ ᠳᠤ ᠬᠦᠨᠵᠡᠭᠡᠢᠷᠡᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠤᠭᠰᠨᠨ ᠨᠢ


2ᠰᠠᠷ᠎ᠠ ᠶᠢᠨ2᠋ ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠯᠢ ᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ᠂ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠬᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠶᠠᠩ ᠳ᠋ᠸ ᠢᠤᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ᠂ ᠲᠠᠳ᠋ ᠬᠤᠰᠢᠭᠤᠨ ᠲᠠᠷᠤᠭ᠎ᠠ ᠦᠨᠡᠨ ᠨᠠᠷ ᠪᠠᠶᠠᠷᠳᠤᠬᠤᠰᠢᠭᠤ ᠪᠠᠯᠭᠠᠰᠤᠨ ᠤ ᠪᠠᠶᠠᠷᠳᠤᠬᠤᠰᠢᠭᠤ ᠭᠠᠴᠠᠭ᠎ᠠ᠂ ᠲᠦᠪᠰᠢᠨ ᠭᠠᠴᠠᠭ᠎ᠠ᠂ ᠯᠦᠪᠸᠢ ᠪᠠᠯᠭᠠᠰᠤᠨ ᠤ ᠢᠤᠢ ᠱᠤ ᠲᠦᠨ ᠭᠠᠴᠠᠭ᠎ᠠ᠂ ᠶᠡᠭᠡ ᠪᠸᠢ ᠭᠠᠴᠠᠭ᠎ᠠ ᠵᠡᠷᠭᠡ ᠭᠠᠵᠠᠷ ᠲᠤ ᠬᠦᠷᠴᠤ᠂ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠡᠴᠨ ᠬᠠᠯᠳᠠᠪᠤᠷᠢᠯᠠᠭᠰᠨᠨ ᠠᠭᠤᠰᠬᠢᠨ ᠦᠷᠪᠢᠰᠤᠯ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠤᠯᠭ᠎ᠠ ᠬᠢᠭᠰᠡᠡ ᠪᠠᠢᠨ᠎ᠡ᠃



ᠪᠠᠢ ᠯᠢ ᠵᠤ ᠨᠠᠷ ᠡᠴᠨ ᠬᠦᠷᠦᠭᠰᠨᠨ ᠭᠠᠵᠠᠷ ᠪᠤᠯᠭᠠᠨ ᠤ ᠤᠷᠤᠵᠤ ᠭᠠᠷᠬᠤ ᠪᠠᠢᠴᠠᠭᠠᠨ ᠭᠡᠮᠵᠢᠬᠦ ᠴᠡᠭ ᠤᠨ ᠪᠠᠢᠴᠠᠭᠠᠯᠳᠠ ᠶᠢᠨ ᠪᠠᠢᠳᠠᠯ ᠤᠨ ᠲᠠᠮᠳᠡᠭᠯᠡᠯ ᠢ ᠨᠠᠷᠢᠨ ᠬᠢᠨᠠᠮᠠᠭᠠᠢ ᠪᠠᠢᠴᠠᠭᠠᠨ ᠦᠵᠡᠵᠤ᠂ ᠬᠢᠵᠢᠭ᠌ ᠤᠨ ᠪᠠᠢᠳᠠᠯ ᠢ ᠰᠠᠬᠢᠨ ᠵᠢᠵᠢᠬᠦᠷᠯᠡᠭᠰᠡᠡ ᠪᠠᠢᠳᠠᠯ ᠪᠠ ᠡᠳ᠋ ᠪᠤᠳᠠᠰ ᠤᠨ ᠪᠠᠳᠤᠯᠠᠭ᠎ᠠ ᠶᠢᠨ ᠪᠠᠢᠳᠠᠯ ᠢ ᠨᠠᠷᠢᠯᠢᠭ ᠠᠰᠠᠭᠤᠨ ᠯᠠᠪᠯᠠᠬᠤ ᠶᠢᠨ ᠬᠠᠮᠳᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠨᠢᠭᠡᠳᠤᠭᠡᠷ ᠹᠷᠤᠨᠲ ᠲᠤ ᠲᠠᠮᠡᠴᠡᠵᠤ ᠪᠠᠢᠭ᠎ᠠ ᠠᠵᠢᠯᠳᠠᠨ ᠢ ᠲᠤᠬᠤᠨᠢᠭᠤᠯᠵᠤ ᠪᠠᠢᠭ᠎ᠠ ᠪᠠᠨ ᠢᠯᠡᠳᠭᠡᠭᠰᠨᠨ ᠪᠠᠢᠨ᠎ᠡ᠃

ᠤᠳᠤᠷᠢᠳᠤᠯᠭ᠎ᠠ ᠡᠴᠨ ᠴᠢᠩᠭᠠᠳᠬᠠᠭᠰᠨᠨ ᠨᠢ᠂ ᠡᠯ᠎ᠠ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠬᠠᠷᠢᠭᠤᠴᠠᠯᠭᠠᠳᠤ ᠰᠡᠳᠬᠢᠯᠭᠡ ᠪᠠ ᠲᠤᠯᠭᠠᠮ᠎ᠡ ᠰᠡᠳᠭᠢᠯᠭᠡ ᠪᠠᠨ ᠨᠡᠮᠡᠳᠡᠬᠦᠯᠤᠨ᠂ᠤᠳᠤᠷᠢᠳᠤᠯᠭ᠎ᠠ ᠶᠢᠨ ᠵᠤᠬᠢᠶᠠᠨ ᠪᠠᠢᠭᠤᠯᠤᠯᠳᠠ ᠶᠢ ᠴᠢᠩᠭᠠᠷᠠᠭᠤᠯᠵᠤ᠂ ᠵᠢᠯᠤᠭᠤᠳᠬᠤ ᠲᠤᠭᠳᠠᠯᠴᠠᠭ᠎ᠠ ᠶᠢ ᠰᠢᠨᠵᠢᠯᠡᠬᠦ ᠤᠬᠠᠭᠠᠨᠴᠢ᠂ ᠦᠨᠳᠤᠷ ᠦᠷ᠎ᠠ ᠠᠰᠢᠭ ᠲᠠᠢ ᠪᠡᠷ ᠪᠦᠷᠢᠨᠰᠢᠬᠦᠯᠤᠨ᠂ ᠤᠬᠠᠭᠤᠯᠤᠨ ᠲᠠᠢᠴᠢᠯᠠᠬᠤ ᠶᠢ ᠴᠢᠩᠭᠠᠳᠬᠠᠵᠤ᠂ ᠰᠠᠢᠨ ᠰᠠᠢᠬᠠᠨ ᠶᠠᠷᠢᠶ᠎ᠠ ᠭᠡᠯᠡᠯᠴᠡᠭᠡᠨ ᠤ ᠪᠠᠢᠳᠠᠯ ᠢ ᠪᠤᠢ ᠪᠤᠯᠭᠠᠨ᠂ ᠤᠯᠠᠨ ᠲᠦᠮᠨᠨ ᠤ ᠦᠵᠡᠯ ᠰᠠᠨᠠᠭᠠᠨ ᠤ ᠲᠠᠨᠢᠯᠳᠠ ᠶᠢ ᠲᠠᠭᠡᠭᠰᠢᠯᠡᠬᠦᠯᠬᠦ ᠭᠡᠷᠡᠭᠳᠡᠢ᠃ ᠲᠤᠳᠤᠨ᠎ᠡ ᠭᠠᠳᠠᠨ᠎ᠡ ᠤᠶᠠᠯᠳᠤᠬᠤ ᠶᠢ ᠴᠢᠩᠭᠠᠳᠬᠠᠵᠤ᠂ ᠭᠠᠳᠠᠨ᠎ᠡ ᠡᠴᠨ ᠢᠷᠡᠭᠰᠡᠳ ᠤᠨ ᠬᠠᠮᠢᠶᠠᠷᠤᠯᠳᠠ᠂ ᠲᠤᠳᠤᠭᠠᠳᠤ ᠶᠢᠨ ᠪᠠᠢᠴᠠᠭᠠᠯᠳᠠ ᠶᠢᠨ ᠠᠵᠢᠯ ᠢ ᠰᠠᠢᠳᠤᠷ ᠬᠢᠬᠦ ᠭᠡᠷᠡᠭᠳᠡᠢ᠃ ᠰᠡᠷᠭᠡᠢᠯᠡᠨ ᠡᠵᠡᠮᠳᠡᠬᠦ ᠨᠢᠭᠡᠳᠤᠭᠡᠷ ᠹᠷᠤᠨᠲ ᠤᠨ ᠠᠵᠢᠯᠳᠠᠨ ᠤ ᠲᠤᠬᠠᠢᠯᠠᠭᠰᠨᠨ ᠠᠵᠢᠯ ᠤᠨ ᠵᠢᠯᠤᠭᠤᠳᠤᠯᠭ᠎ᠠ ᠪᠠ ᠪᠤᠯᠪᠠᠰᠤᠷᠠᠯ ᠢ ᠴᠢᠩᠭᠠᠳᠬᠠᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠶᠠᠪᠤᠴᠨ ᠶᠢ ᠴᠢᠩᠭ᠎ᠠ ᠵᠢᠷᠤᠮᠯᠠᠨ᠂ ᠬᠤᠪᠢ ᠪᠠᠶ᠎ᠠ ᠶᠢᠨ ᠠᠮᠤᠷ ᠲᠦᠪᠰᠢᠨ ᠤ ᠲᠠᠨᠢᠯᠳᠠ ᠶᠢ ᠲᠠᠭᠡᠭᠰᠢᠯᠡᠬᠦᠯᠬᠦ ᠭᠡᠷᠡᠭᠳᠡᠢ᠃ ᠬᠢᠨᠠᠨ ᠪᠠᠢᠴᠠᠭᠠᠬᠤ ᠵᠢᠯᠤᠭᠤᠳᠬᠤ ᠬᠦᠴᠤᠯᠡᠴᠨ ᠪᠠᠨ ᠨᠡᠮᠡᠭᠳᠡᠬᠦᠯᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠲᠠᠢᠯᠠᠯᠳᠤᠭᠠᠨ ᠤ ᠢᠯᠡᠯᠳᠠ ᠶᠢ ᠡᠷᠡᠰ ᠲᠠᠮᠡᠴᠡᠨ ᠤᠯᠬᠤ ᠶᠢ ᠪᠠᠳᠤᠯᠠᠬᠤ ᠭᠡᠷᠡᠭᠳᠡᠢ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠭᠡᠰᠢᠬᠦᠤᠨ ᠬᠦᠳᠡᠯᠤᠯᠴᠠᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠵᠤ ᠪᠠᠢᠭ᠎ᠠ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠤᠳᠤᠷᠢᠳᠤᠯᠭ᠎ᠠ ᠡᠴᠨ ᠪᠠᠢᠭᠤᠯᠭ᠎ᠠ ᠶᠢᠨ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠤᠭᠰᠨᠨ ᠨᠢ