ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠤᠳᠤᠷᠢᠳᠤᠯᠭ᠎ᠠ ᠡᠴᠨ ᠪᠠᠢᠭᠤᠯᠭ᠎ᠠ ᠶᠢᠨ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠤᠭᠰᠨᠨ ᠨᠢ
2ᠰᠠᠷ᠎ᠠ ᠶᠢᠨ3᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠪᠠᠶᠠᠷᠳᠤᠬᠤᠰᠢᠭᠤ ᠪᠠᠯᠭᠠᠰᠤᠨ ᠤ ᠬᠤᠪᠤᠯᠳᠤ ᠭᠠᠴᠠᠭ᠎ᠠ ᠳᠤ ᠬᠦᠷᠴᠤ᠂ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠬᠤ ᠶᠢᠨ ᠬᠠᠮᠳᠤ ᠨᠢᠭᠡᠳᠤᠭᠡᠷ ᠹᠷᠤᠨᠲ ᠲᠤ ᠠᠵᠢᠯᠯᠠᠵᠤ ᠪᠠᠢᠭ᠎ᠠ ᠠᠵᠢᠯᠳᠠᠳ ᠢ ᠲᠤᠬᠤᠨᠢᠭᠤᠯᠪᠠ᠃


ᠬᠠᠮᠳᠤ ᠳᠤᠨᠢ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠢ ᠠᠵᠢᠯ ᠤᠨ ᠪᠠᠢᠷᠢ ᠪᠠᠨ ᠪᠠᠳᠤ ᠰᠠᠬᠢᠵᠤ᠂ ᠡᠮᠤᠨ᠎ᠡ ᠨᠢ ᠤᠷᠤᠭᠰᠢᠯᠠᠨ᠂ ᠨᠠᠮ ᠤᠨ ᠭᠡᠰᠢᠬᠦᠨ ᠺᠠᠳ᠋ᠷ ᠤᠨ ᠵᠢᠱᠢᠶᠡᠴᠢ ᠤᠢᠯᠡᠳᠤᠯ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠵᠤᠷᠢᠭᠳᠠᠢ ᠡᠬᠦᠷᠭᠡᠯᠡᠬᠦ ᠵᠤᠷᠢᠭ ᠰᠠᠨᠠᠭ᠎ᠠ ᠶᠢ ᠦᠨᠡᠨᠬᠦ ᠪᠠᠳᠠᠷᠠᠭᠤᠯᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ᠬᠤᠳᠠ ᠶᠢᠨ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ᠂ ᠬᠤᠪᠢ ᠪᠠᠶ᠎ᠠ ᠡᠴᠨ ᠪᠠᠨ ᠡᠬᠢᠯᠡᠨ ᠬᠢᠵᠤ᠂ ᠶᠡᠭᠡ ᠲᠠᠯ᠎ᠠ ᠳᠤ ᠤᠢᠯᠡᠴᠢᠯᠡᠨ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠮᠡᠳᠡᠯᠭᠡ ᠶᠢᠨ ᠤᠬᠠᠭᠤᠯᠤᠯ᠂ᠪᠠᠢᠴᠠᠭᠠᠨ ᠤᠢᠯᠠᠭᠠᠬᠤ᠂ ᠴᠢᠩᠭ᠎ᠠ ᠰᠡᠷᠭᠡᠢᠯᠡᠨ ᠬᠠᠮᠢᠶᠠᠷᠴᠤ ᠡᠵᠡᠮᠳᠡᠬᠦ ᠠᠵᠢᠯ ᠢ ᠰᠠᠢᠳᠤᠷ ᠬᠢᠵᠤ᠂ᠤᠯᠠᠨ ᠲᠦᠮᠨᠨ ᠤ ᠪᠠᠶ᠎ᠠ ᠮᠠᠬᠠᠪᠤᠤᠨ ᠤᠨ ᠡᠷᠡᠬᠦᠯ ᠴᠢᠬᠢᠷᠠᠭ ᠪᠤᠯᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠳᠤᠯᠠᠨ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠲᠠᠢᠯᠠᠯᠳᠤᠭᠠᠨ ᠤ ᠢᠯᠡᠯᠳᠠ ᠶᠢ ᠡᠷᠡᠰ ᠲᠠᠮᠡᠴᠡᠨ ᠤᠯᠬᠤ ᠭᠡᠷᠡᠭᠳᠡᠢ ᠭᠡᠵᠡᠢ᠃