ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠤᠭᠰᠨᠨ ᠨᠢ

 

2 ᠰᠠᠷ᠎ᠠ ᠶᠢᠨ3᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠤᠷᠢᠳ ᠬᠤᠵᠢᠳ ᠭᠠᠳᠠᠰᠤ ᠦᠷᠡᠰ ᠮᠠᠯᠵᠢᠯ ᠤᠨ ᠲᠠᠯᠠᠪᠠᠢ ᠶᠢᠨ ᠨᠢᠭᠡᠳᠤᠭᠡᠷ ᠬᠤᠪᠢᠶᠠᠷᠢ ᠲᠠᠯᠠᠪᠠᠢ᠂ᠲᠦᠷᠪᠡᠳᠤᠭᠡᠷ ᠬᠤᠪᠢᠶᠠᠷᠢ ᠲᠠᠯᠠᠪᠠᠢ ᠶᠢᠨ ᠵᠠᠮ ᠤᠨ ᠠᠭᠤᠯᠵᠠᠷ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠᠢᠴᠠᠭᠠᠯᠳᠠ ᠶᠢᠨ ᠴᠡᠭ ᠲᠤ ᠬᠦᠷᠴᠤ᠂ ᠡᠯ᠎ᠠ ᠬᠤᠪᠢᠶᠠᠷᠢ ᠲᠠᠯᠠᠪᠠᠢ ᠶᠢᠨ ᠬᠢᠵᠢᠭ᠌ ᠤᠨ ᠪᠠᠢᠳᠠᠯ ᠤᠨ ᠪᠠᠢᠴᠠᠭᠠᠯᠳᠠ ᠶᠢᠨ ᠪᠠᠢᠳᠠᠯ ᠵᠢᠴᠢ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠷᠭ᠎ᠠ ᠠᠪᠴᠠᠯ ᠢ ᠨᠠᠷᠢᠯᠢᠭ ᠠᠰᠠᠭᠤᠨ ᠯᠠᠪᠯᠠᠬᠤ ᠶᠢᠨ ᠬᠠᠮᠳᠤ᠂ ᠨᠢᠭᠡᠳᠤᠭᠡᠷ ᠹᠷᠤᠨᠲ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯᠳᠠᠨ ᠢ ᠴᠢᠩᠭ᠎ᠠ ᠰᠡᠷᠭᠡᠢᠯᠡᠨ ᠰᠠᠬᠢᠵᠤ᠂ ᠴᠢᠩᠭ᠎ᠠ ᠬᠠᠮᠢᠶᠠᠷᠤᠨ᠂ᠬᠢᠵᠢᠭ᠌ ᠤᠨ ᠲᠠᠷᠬᠠᠨ ᠤᠯᠠᠮᠵᠢᠯᠠᠬᠤ ᠵᠠᠮ ᠢ ᠪᠦᠳᠤᠮᠵᠢᠳᠠᠢ ᠪᠡᠷ ᠲᠠᠰᠤᠯᠵᠤ᠂ ᠬᠤᠪᠢ ᠪᠠᠶ᠎ᠠ ᠶᠢᠨ ᠰᠡᠷᠭᠡᠢᠯᠡᠨ ᠬᠠᠮᠠᠭᠠᠯᠠᠯᠳᠠ ᠢᠢ ᠰᠠᠢᠳᠤᠷ ᠬᠢᠵᠤ᠂ ᠬᠤᠪᠢ ᠪᠠᠶ᠎ᠠ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠡᠢ ᠭᠡᠵᠤ ᠵᠠᠬᠢᠵᠠᠢ᠃


ᠪᠠᠶᠠᠨᠰᠠᠩ ᠴᠢᠩᠭᠠᠳᠬᠠᠭᠰᠨᠨ ᠨᠢ᠂ᠬᠢᠵᠢᠭ᠌ ᠤᠨ ᠪᠠᠢᠳᠠᠯ ᠪᠤᠯ ᠵᠠᠷᠯᠢᠭ ᠮᠦᠨ᠂ ᠰᠡᠷᠭᠡᠢᠯᠡᠨ ᠡᠵᠡᠮᠳᠡᠬᠦ ᠪᠤᠯ ᠬᠠᠷᠢᠭᠤᠴᠠᠯᠭ᠎ᠠ ᠮᠦᠨ᠃ ᠭᠠᠳᠠᠰᠤ ᠦᠷᠡᠰ ᠮᠠᠯᠵᠢᠯ ᠤᠨ ᠲᠠᠯᠠᠪᠠᠢ ᠶᠢᠨ ᠨᠠᠮ ᠤᠨ ᠭᠡᠰᠢᠬᠦᠨ ᠺᠠᠳ᠋ᠷ  ᠪᠠ ᠠᠵᠢᠯᠳᠠᠨ ᠡᠴᠨ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠠᠭᠡᠷ᠎ᠠ ᠱᠠᠳᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠤᠳᠤᠬᠢ ᠬᠠᠮᠤᠭ ᠴᠢᠬᠤᠯᠨ ᠠᠵᠢᠯ ᠪᠤᠯᠭᠠᠨ ᠴᠢᠩᠭ᠎ᠠ ᠠᠳᠬᠤᠵᠤ᠂ ᠪᠦᠬᠦ ᠲᠠᠯᠠᠪᠠᠢ ᠶᠢᠨ ᠠᠵᠢᠯᠳᠠᠨ ᠤ ᠡᠷᠡᠬᠦᠯ ᠴᠢᠬᠢᠷᠠᠭ ᠪᠤᠯᠤᠨ ᠠᠮᠢ ᠨᠠᠰᠤᠨ ᠤ ᠠᠮᠤᠷ ᠲᠦᠪᠰᠢᠨ ᠳᠤ ᠲᠠᠭᠡᠳᠤ ᠭᠡᠮᠵᠢᠶᠠᠨ ᠤ ᠬᠠᠷᠢᠭᠤᠴᠠᠯᠭᠠᠳᠤ ᠤᠪᠤᠷ ᠶᠢᠠᠷ ᠬᠠᠨᠳᠤᠨ᠂ ᠪᠦᠬᠦ ᠬᠦᠴᠤᠨ ᠶᠢᠠᠷ᠂ ᠬᠦᠴᠤᠨ ᠨᠢᠭᠡᠳᠠᠢ᠂ ᠰᠢᠨᠵᠢᠯᠡᠬᠦ ᠤᠬᠠᠭᠠᠨᠴᠢ ᠦᠷ᠎ᠠ ᠠᠰᠢᠭᠳᠠᠢ ᠪᠡᠷ ᠬᠤᠯᠪᠤᠭᠠᠯᠠᠨ ᠰᠡᠷᠭᠡᠢᠯᠡᠨ ᠡᠵᠡᠮᠳᠡᠬᠦ ᠠᠵᠢᠯ ᠢ ᠰᠠᠢᠳᠤᠷ ᠬᠢᠵᠤ᠂ ᠤᠯᠠᠨ ᠲᠦᠮᠨᠨ ᠰᠡᠷᠭᠡᠢᠯᠡᠨ ᠵᠠᠰᠠᠬᠤ ᠴᠢᠩᠭ᠎ᠠ ᠨᠢᠭᠳᠠ ᠬᠠᠮᠠᠭᠠᠯᠠᠯᠳᠠ ᠶᠢᠨ ᠱᠤᠭᠤᠮ ᠢ ᠪᠠᠢᠭᠤᠯᠤᠨ᠂ ᠬᠢᠵᠢᠭ᠌ ᠤᠨ ᠪᠠᠢᠳᠠᠯ ᠤᠨ ᠡᠬᠦᠰᠬᠦ ᠪᠠ ᠲᠠᠷᠬᠠᠬᠤ ᠶᠢ ᠡᠷᠡᠰ ᠬᠤᠷᠢᠭᠯᠠᠬᠤ ᠭᠡᠷᠡᠭᠳᠡᠢ ᠭᠡᠵᠡᠢ᠃

ᠪᠠᠶᠠᠨᠰᠠᠩ ᠱᠠᠭᠠᠷᠳᠠᠭᠰᠨᠨ ᠨᠢ᠂ ᠨᠢᠳᠤᠨ ᠡᠮᠤᠨᠡᠬᠢ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠡᠴᠨ ᠬᠠᠯᠳᠠᠪᠤᠷᠢᠯᠠᠭᠰᠨᠨ ᠠᠭᠤᠰᠬᠢᠨ ᠦᠷᠪᠢᠰᠤᠯ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠨᠢᠭᠡᠨᠳᠠ ᠵᠠᠩᠬᠢᠯᠠᠭ᠎ᠠ ᠶᠢᠨ ᠦᠶ᠎ᠠ ᠳᠤ ᠪᠤᠢ᠂ ᠡᠯ᠎ᠠ ᠬᠠᠮᠢᠶ᠎ᠠ ᠪᠦᠬᠦᠢ ᠪᠠᠢᠭᠤᠯᠭ᠎ᠠ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠵᠤ᠂ ᠡᠬᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠰᠡᠷᠭᠡᠢᠯᠡᠨ ᠡᠵᠡᠮᠳᠡᠬᠦ ᠲᠦᠰᠤᠪ ᠶᠢᠠᠨ ᠨᠠᠷᠢᠯᠢᠭᠵᠢᠭᠤᠯᠵᠤ᠂ ᠬᠢᠵᠢᠭ᠌ ᠤᠨ ᠪᠠᠢᠳᠠᠯ ᠢ ᠰᠡᠷᠭᠡᠢᠯᠡᠬᠦ ᠡᠬᠦᠷᠭᠡ ᠶᠢ ᠪᠦᠬᠦ ᠲᠠᠯ᠎ᠠ ᠪᠡᠷ ᠰᠠᠢᠳᠤᠷ ᠨᠠᠢᠳᠠᠪᠤᠷᠢᠵᠢᠭᠤᠯᠬᠤ ᠭᠡᠷᠡᠭᠳᠡᠢ᠃ ᠡᠯ᠎ᠠ ᠰᠠᠯᠠᠭ᠎ᠠ ᠮᠦᠴᠢᠷ ᠤᠨ ᠬᠤᠭᠤᠷᠤᠨᠳᠤᠬᠢ ᠬᠠᠷᠢᠯᠴᠠᠭ᠎ᠠ ᠪᠠᠨ ᠴᠢᠩᠭᠠᠳᠬᠠᠵᠤ᠂ ᠠᠵᠢᠯ ᠢ ᠨᠠᠢᠳᠠᠪᠤᠷᠢᠵᠢᠭᠤᠯᠬᠤ ᠲᠤᠮᠳᠠ ᠲᠤᠬᠢᠶᠠᠯᠳᠤᠭᠰᠨᠨ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠢᠯᠡᠷᠡᠬᠦᠯᠬᠦ ᠪᠠ ᠲᠤᠰᠬᠠᠨ᠂ ᠡᠷᠳᠡ ᠰᠢᠢᠳᠪᠤᠷᠢᠯᠡᠬᠦ ᠭᠡᠷᠡᠭᠳᠡᠢ᠃ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠤᠬᠠᠭᠤᠯᠤᠯ ᠪᠤᠯᠤᠨ ᠶᠠᠷᠢᠶ᠎ᠠ ᠭᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠤᠯᠠᠨ ᠲᠦᠮᠨᠨ ᠤ ᠰᠡᠷᠭᠡᠢᠯᠡᠨ ᠡᠵᠡᠮᠳᠡᠬᠦ ᠤᠬᠠᠮᠰᠠᠷ᠂ᠡᠯ᠎ᠠ ᠲᠦᠷᠤᠯ ᠤᠨ ᠰᠡᠷᠭᠡᠢᠯᠡᠨ ᠡᠵᠡᠮᠳᠡᠬᠦ ᠠᠵᠢᠯ ᠤᠨ ᠠᠷᠭ᠎ᠠ ᠠᠪᠴᠠᠯ ᠢ ᠬᠦᠴᠤᠨ ᠲᠠᠢ ᠦᠷ᠎ᠠ ᠠᠰᠢᠭᠳᠠᠢ ᠨᠠᠢᠳᠠᠪᠤᠷᠢᠵᠢᠭᠤᠯᠤᠨ᠂ ᠤᠯᠨᠨ ᠲᠦᠮᠨᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠠᠶ᠎ᠠ ᠮᠠᠬᠠᠪᠤᠤᠨ ᠤᠨ ᠡᠷᠡᠬᠦᠯ ᠴᠢᠭᠢᠷᠠᠭ ᠢ ᠪᠦᠬᠦ ᠬᠦᠴᠤᠨ ᠶᠢᠠᠷ ᠪᠠᠳᠤᠯᠠᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠬᠤᠷᠢᠭᠯᠠᠯᠳᠠ ᠶᠢᠨ ᠲᠠᠢᠯᠠᠯᠳᠤᠭᠠᠨ ᠢ ᠡᠷᠡᠰ ᠲᠠᠮᠡᠴᠡᠨ ᠤᠯᠬᠤ ᠭᠡᠷᠡᠭᠳᠡᠢ ᠭᠡᠵᠡᠢ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠦᠨᠳᠤᠰᠤᠨ ᠱᠠᠳᠤᠨ ᠳᠤ ᠬᠦᠨᠵᠡᠭᠡᠢᠷᠡᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠪᠠᠢᠴᠠᠭᠠᠨ ᠵᠢᠯᠤᠭᠤᠳᠤᠭᠰᠨᠨ ᠨᠢ
ᠳᠠᠷᠠᠭᠠᠬᠢ᠄ 84 ᠠᠷᠢᠭᠤᠳᠬᠠᠬᠤ ᠰᠢᠩᠭᠡᠨ ᠢ ᠵᠦᠪ ᠭᠡᠷᠡᠭᠯᠡᠶ᠎ᠠ