ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠵᠶᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ ᠯᠦᠪᠸᠢ ᠪᠠᠯᠭᠠᠰᠤᠨ ᠤ ᠬᠢᠵᠢᠭ᠌ ᠤᠨ ᠪᠠᠢᠳᠠᠯ ᠢ ᠬᠤᠷᠢᠭᠯᠠᠠ ᠡᠰᠡᠷᠬᠦᠴᠡᠬᠦ ᠠᠵᠢᠯ ᠢ ᠬᠢᠨᠠᠨ ᠪᠠᠢᠴᠠᠭᠠᠬᠤ ᠶᠢᠨ ᠬᠠᠮᠳᠤ ᠠᠵᠤ ᠠᠬᠤᠢᠯᠠᠯ ᠤᠨ ᠬᠠᠢᠷ᠎ᠠ ᠬᠠᠯᠠᠮᠵᠢ ᠬᠦᠷᠭᠡᠭᠰᠨᠨ ᠶᠤᠰᠤᠯᠠᠯ ᠳᠤ ᠤᠷᠤᠯᠴᠠᠭᠰᠨᠨ ᠨᠢ
2ᠰᠠᠷ᠎ᠠ ᠶᠢᠨ4᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠵᠶᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ ᠯᠦᠪᠸᠢ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠬᠢᠨᠠᠨ ᠪᠠᠢᠴᠠᠭᠠᠬᠤ ᠶᠢᠨ ᠬᠠᠮᠳᠤ ᠦᠪᠤᠷ ᠮᠤᠩᠭᠤᠯ ᠤᠨ ᠲᠠᠯ᠎ᠠ ᠨᠤᠳᠤᠭ ᠤᠨ ᠡᠯᠵᠢᠭᠡᠨ ᠤᠢᠯᠡᠰ ᠤᠨ ᠬᠢᠵᠠᠭᠠᠷᠳᠤ ᠺᠤᠮᠫᠠᠨᠢ ᠶᠢᠨ ᠬᠠᠢᠷ᠎ᠠ ᠬᠠᠯᠠᠮᠵᠢ ᠬᠦᠷᠭᠡᠭᠰᠨᠨ ᠶᠤᠰᠤᠯᠠᠯ ᠳᠤ ᠤᠷᠤᠯᠴᠠᠭᠰᠨᠨ ᠪᠠᠢᠨ᠎ᠡ᠃



ᠬᠠᠢᠷ᠎ᠠ ᠬᠠᠯᠠᠮᠵᠢ ᠲᠤᠰᠠᠯᠠᠨ ᠬᠦᠷᠭᠡᠬᠦ ᠶᠤᠰᠤᠯᠠᠯ ᠲᠠᠭᠡᠷ᠎ᠠ᠂ ᠪᠦ᠋ ᠮᠤᠤ ᠰᠢᠶᠠᠩ ᠦᠪᠤᠷ ᠮᠤᠩᠭᠤᠯ ᠤᠨ ᠲᠠᠯ᠎ᠠ ᠨᠤᠳᠤᠭ ᠤᠨ ᠡᠯᠵᠢᠭᠡᠨ ᠤᠢᠯᠡᠰ ᠤᠨ ᠬᠢᠵᠠᠭᠠᠷᠳᠤ ᠺᠤᠮᠫᠠᠨᠢ ᠶᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠪᠠᠨ ᠦᠵᠡᠬᠦᠯᠦᠭᠰᠨᠨ ᠳᠤ ᠲᠠᠯᠠᠷᠬᠠᠬᠤ ᠶᠢᠨ ᠬᠠᠮᠳᠤ ᠵᠢᠭᠠᠵᠤ ᠭᠠᠷᠭᠠᠭᠰᠨᠨ ᠨᠢ᠂ ᠠᠵᠤ ᠠᠬᠤᠢᠯᠠᠯ ᠤᠨ ᠬᠠᠢᠷ᠎ᠠ ᠬᠠᠯᠠᠮᠵᠢ ᠶᠢ ᠦᠷᠭᠡᠨ ᠤᠯᠠᠨ ᠮᠠᠯᠴᠢᠨ ᠲᠠᠷᠢᠶᠠᠴᠢᠨ ᠬᠠᠮᠤᠭ ᠬᠦᠷᠳᠡᠵᠤ᠂ ᠯᠦᠪᠸᠢ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠶᠡᠭᠡᠪᠡᠷ ᠬᠠᠪᠰᠤᠷᠪᠠ ᠭᠡᠵᠡᠢ᠃ ᠬᠠᠮᠳᠤ ᠳᠤᠨᠢ᠂ ᠬᠠᠢᠷ᠎ᠠ ᠰᠡᠳᠬᠢᠯᠳᠤ ᠠᠵᠤ ᠠᠬᠤᠢᠯᠠᠯ ᠡᠴᠨ ᠲᠤᠰ ᠠᠵᠢᠯ ᠢ ᠦᠷᠬᠦᠯᠵᠢᠯᠠᠨ ᠠᠩᠬᠠᠷᠴᠤ᠂ ᠨᠡᠢᠭᠡᠮ ᠤᠨ ᠤᠢᠯᠡᠴᠢᠯᠡᠭᠡᠨ ᠳᠤ ᠢᠯᠡᠬᠦᠭᠡᠨ ᠤᠷᠤᠯᠴᠠᠨ᠂ ᠬᠢᠵᠢᠭ᠌ ᠤᠨ ᠪᠠᠢᠳᠠᠯ ᠢ ᠬᠤᠷᠢᠭᠯᠠᠨ ᠡᠰᠡᠷᠬᠦᠴᠡᠬᠦ ᠲᠠᠢᠯᠠᠯᠳᠤᠭᠠᠨ ᠢᠯᠡᠯᠳᠠ ᠤᠯᠬᠤ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠬᠦ ᠶᠢ ᠬᠦᠰᠡᠭᠰᠨᠨ ᠪᠠᠢᠨ᠎ᠡ᠃
ᠲᠤᠰ ᠠᠵᠤ ᠠᠬᠤᠢᠯᠠᠯ ᠡᠴᠨ ᠯᠦᠪᠸᠢ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠳᠤ1200 ᠯᠢᠲ᠋ᠷ ᠠᠷᠢᠭᠤᠳᠬᠠᠬᠤ ᠰᠫᠢᠷᠲ ᠶᠢᠠᠷ ᠲᠤᠰᠠᠯᠠᠨ ᠲᠠᠮᠵᠢᠬᠦ ᠶᠢᠨ ᠬᠠᠮᠳᠤ᠂ ᠲᠠᠷᠤᠢ ᠳ᠋ᠤᠨᠢ ᠯᠦᠪᠸᠢ ᠪᠠᠯᠭᠠᠰᠤᠨ ᠤ ᠡᠯ᠎ᠠ ᠭᠠᠴᠠᠭᠠᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠨᠢᠭᠡᠳᠤᠭᠡᠷ ᠹᠷᠤᠨᠲ ᠲᠤ ᠬᠦᠷᠭᠡᠭᠰᠨᠨ ᠪᠠᠢᠨ᠎ᠡ᠃