ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠴᠢᠶᠠᠨ ᠱᠦᠨ ᠶᠠᠩ ᠭᠤᠸᠠᠩ ᠪᠠᠷᠠᠭᠤᠨ ᠨᠡᠢᠭᠡᠮ ᠲᠤᠭᠤᠷᠢᠭ ᠲᠤ ᠬᠦᠷᠴᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠳᠤ ᠪᠠᠢᠴᠠᠭᠠᠨ ᠵᠢᠯᠤᠭᠤᠳᠤᠯᠭ᠎ᠠ ᠬᠢᠭᠰᠡᠡ ᠨᠢ
2 ᠰᠠᠷ᠎ᠠ ᠶᠢᠨ15᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠵᠢ ᠵᠢᠵᠢᠬᠦᠷᠯᠡᠨ ᠤᠢᠯᠡᠴᠢᠯᠡᠬᠦ ᠴᠡᠭ ᠪᠤᠯᠬᠤ ᠴᠢᠶᠠᠨ ᠱᠦᠨ ᠶᠠᠩ ᠭᠤᠸᠠᠩ ᠪᠠᠷᠠᠭᠤᠨ ᠨᠡᠢᠭᠡᠮ ᠲᠤᠭᠤᠷᠢᠭ ᠲᠤ ᠬᠦᠷᠴᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠳᠤ ᠪᠠᠢᠴᠠᠭᠠᠨ ᠵᠢᠯᠤᠭᠤᠳᠤᠯᠭ᠎ᠠ ᠬᠢᠬᠦ ᠶᠢᠨ ᠬᠠᠮᠳᠤ᠂ ᠠᠵᠢᠯ ᠤᠨ ᠪᠠᠢᠷᠢ ᠪᠠᠨ ᠪᠠᠳᠤ ᠰᠠᠬᠢᠵᠤ ᠪᠠᠢᠭ᠎ᠠ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠡᠮᠤᠨ᠎ᠡ ᠹᠷᠤᠨᠲ ᠤᠨ ᠺᠠᠳ᠋ᠷ ᠠᠵᠢᠯᠳᠠᠨ ᠢ ᠪᠤᠯᠭᠤᠭᠠᠨ ᠦᠵᠡᠪᠡ᠃



ᠪᠠᠶᠠᠨᠰᠠᠩ ᠡᠴᠨ ᠲᠤᠰ ᠨᠡᠢᠭᠡᠮ ᠲᠤᠭᠤᠷᠢᠭ ᠤᠨ ᠰᠡᠷᠭᠡᠢᠯᠡᠨ ᠡᠵᠡᠮᠳᠡᠬᠦ ᠴᠡᠭ ᠤᠨ ᠤᠷᠤᠵᠤ ᠭᠠᠷᠬᠤ ᠬᠦᠮᠤᠰ ᠤᠨ ᠲᠠᠩᠰᠨ ᠪᠦᠷᠢᠳᠭᠡᠯ᠂ ᠪᠠᠶ᠎ᠠ ᠶᠢᠨ ᠬᠠᠯᠠᠭᠤᠨ ᠢ ᠭᠡᠮᠵᠢᠬᠦ ᠶᠢ ᠨᠠᠢᠳᠠᠪᠤᠷᠢᠵᠢᠭᠤᠯᠵᠤ ᠪᠠᠢᠭ᠎ᠠ ᠪᠠᠢᠳᠠᠯ᠂ᠭᠠᠳᠠᠨ᠎ᠡ ᠡᠴᠨ ᠢᠷᠡᠭᠰᠡᠳ ᠤᠨ ᠪᠠᠢᠴᠠᠭᠠᠯᠳᠠ᠂ ᠨᠡᠢᠭᠡᠮ ᠲᠤᠭᠤᠷᠢᠭ ᠤᠨ ᠲᠠᠷᠭᠡ ᠶᠢᠨ ᠭᠠᠷᠴᠤ ᠤᠷᠤᠵᠤ ᠪᠠᠢᠭ᠎ᠠ ᠪᠠᠢᠳᠠᠯ ᠵᠡᠷᠭᠡ ᠶᠢ ᠨᠠᠷᠢᠨ ᠪᠠᠢᠴᠠᠭᠠᠬᠤ ᠶᠢᠨ ᠬᠠᠮᠳᠤ᠂ ᠨᠡᠢᠭᠡᠮ ᠲᠤᠭᠤᠷᠢᠭ ᠤᠨ ᠬᠢᠵᠢᠭ᠌ ᠢ ᠰᠡᠷᠭᠡᠢᠯᠡᠬᠦ ᠤᠬᠠᠭᠤᠯᠤᠯ ᠪᠤᠯᠤᠨ ᠬᠢᠵᠢᠭ᠌ ᠢ ᠰᠡᠷᠭᠡᠢᠯᠡᠬᠦ ᠠᠵᠢᠯ ᠤᠨ ᠶᠠᠪᠤᠭᠳᠠᠵᠤ ᠪᠠᠢᠭ᠎ᠠ ᠪᠠᠢᠳᠠᠯ ᠢ ᠨᠠᠷᠢᠯᠢᠭ ᠤᠢᠯᠠᠭᠠᠭᠰᠨᠨ ᠪᠠᠢᠨ᠎ᠡ᠃
ᠪᠠᠶᠠᠨᠰᠠᠩ ᠱᠠᠭᠠᠷᠳᠠᠭᠰᠠᠨ ᠨᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠵᠢᠵᠢᠬᠦᠷᠯᠡᠨ ᠤᠢᠯᠡᠴᠢᠯᠡᠵᠤ ᠪᠠᠢᠭ᠎ᠠ ᠺᠠᠳ᠋ᠷ ᠠᠵᠢᠯᠳᠠᠨ ᠲᠠᠭᠡᠳᠤ ᠭᠡᠮᠵᠢᠶ᠎ᠠ ᠪᠡᠷ ᠬᠠᠷᠢᠭᠤᠴᠠᠬᠤ᠂ ᠬᠦᠴᠢᠷ ᠡᠴᠨ ᠠᠶᠤᠬᠤ ᠦᠭᠡᠢ ᠰᠢᠯᠢᠳᠡᠭ ᠤᠪᠤᠷ ᠰᠤᠷᠳᠠᠯ ᠶᠢᠠᠨ ᠦᠷᠬᠦᠯᠵᠢᠯᠠᠨ ᠪᠠᠳᠠᠷᠠᠭᠤᠯᠵᠤ᠂ ᠰᠡᠷᠭᠡᠢᠯᠡᠨ ᠡᠵᠡᠮᠳᠡᠬᠦ ᠠᠵᠢᠯ ᠢ ᠨᠠᠷᠢᠯᠢᠭ ᠲᠠᠰᠪᠤᠷᠢᠳᠠᠢ ᠰᠠᠢᠳᠤᠷ ᠬᠢᠵᠤ᠂ ᠨᠡᠢᠭᠡᠮ ᠲᠤᠭᠤᠷᠢᠭ ᠤᠨ ᠡᠵᠡᠮᠳᠡᠨ ᠬᠠᠮᠢᠶᠠᠷᠬᠤ ᠬᠦᠴᠤᠯᠡᠴᠨ ᠪᠠᠨ ᠦᠨᠡᠨᠬᠦ ᠴᠢᠩᠭᠠᠳᠬᠠᠨ᠂ ᠤᠷᠤᠵᠤ ᠭᠠᠷᠬᠤ ᠬᠦᠮᠤᠨ ᠲᠠᠷᠭᠡ ᠶᠢ ᠨᠢᠭᠡᠳ ᠨᠢᠭᠡ ᠪᠡᠷ ᠪᠠᠢᠴᠠᠭᠠᠨ ᠲᠠᠩᠰᠠᠯᠠᠵᠤ᠂ ᠲᠠᠯᠳᠠ ᠬᠤᠤᠷᠳᠠᠯ ᠢ ᠦᠭᠡᠢᠰᠭᠡᠬᠦ ᠭᠡᠷᠡᠭᠳᠡᠢ᠃ ᠤᠬᠠᠭᠤᠯᠤᠯ ᠤᠨ ᠬᠦᠴᠤᠯᠠᠴᠨ ᠪᠠᠨ ᠤᠯᠠᠮ ᠨᠢᠭᠡ ᠠᠯᠬᠤᠮ ᠨᠡᠮᠡᠭᠳᠡᠬᠦᠯᠵᠤ᠂ ᠰᠠᠭᠤᠭᠠᠯᠢ ᠠᠷᠠᠳ ᠤᠨ ᠦᠪᠡᠷ ᠤᠨ ᠪᠠᠶ᠎ᠠ ᠶᠢᠨ ᠬᠠᠮᠠᠭᠠᠯᠠᠯᠳᠠ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠷᠠᠭᠤᠯᠵᠤ᠂ ᠭᠠᠷᠴᠤ ᠤᠷᠤᠬᠤ ᠬᠦᠮᠤᠨ ᠢ ᠬᠠᠮᠤᠭ ᠶᠡᠭᠡ ᠭᠡᠮᠵᠢᠶ᠎ᠠ ᠪᠡᠷ ᠬᠢᠵᠠᠭᠠᠷᠯᠠᠬᠤ ᠭᠡᠷᠡᠭᠳᠡᠢ ᠭᠡᠵᠡᠢ᠃