ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠤᠭᠰᠨᠨ ᠨᠢ
2ᠰᠠᠷ᠎ᠠ ᠶᠢᠨ28᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠤᠨ᠂ ᠤᠳᠤᠬᠢ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠴᠠᠭ ᠤᠨ ᠪᠠᠢᠳᠠᠯ ᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠵᠤ᠂ᠲᠠᠷᠠᠭᠠᠴᠢ ᠶᠢᠨ ᠬᠤᠭᠤᠴᠠᠭᠠᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠡᠬᠦᠷᠭᠡ ᠶᠢ ᠪᠠᠢᠷᠢᠯᠠᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠠᠪᠠᠳᠤ᠂ ᠰᠦᠩ ᠯᠢᠶᠠᠨ ᠡᠾᠦ᠋ᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠳᠤ ᠲᠤᠮᠢᠯᠠᠨ ᠰᠠᠭᠤᠭ᠎ᠠ ᠰᠠᠬᠢᠯᠭ᠎ᠠ ᠪᠠᠳᠤ ᠪᠠᠢᠴᠠᠭᠠᠬᠤ ᠲᠤᠭᠤᠢᠯᠠᠩ ᠤᠨ ᠲᠠᠷᠤᠭ᠎ᠠ ᠪᠠᠶᠠᠨ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠵᠤ᠂ ᠪᠠᠶᠠᠨᠰᠠᠩ ᠬᠤᠷᠠᠯ ᠡᠷᠬᠢᠯᠡᠪᠡ᠃





ᠪᠠᠶᠠᠨᠰᠠᠩ ᠵᠢᠭᠠᠵᠤ ᠭᠠᠷᠭᠠᠭᠰᠨᠨ ᠨᠢ᠂ᠤᠳᠤᠬᠢ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠴᠠᠭ ᠤᠨ ᠪᠠᠢᠳᠠᠯ ᠮᠦᠨ ᠴᠢᠩᠭ᠎ᠠ ᠰᠦᠷᠡᠭᠡᠢ ᠪᠠᠢᠵᠤ᠂ᠰᠡᠷᠭᠡᠢᠯᠡᠨ ᠡᠵᠡᠮᠳᠡᠬᠦ ᠠᠵᠢᠯ ᠵᠠᠩᠬᠢᠯᠠᠭ᠎ᠠ ᠶᠢᠨ ᠴᠠᠭ ᠲᠠᠭᠠᠨ ᠪᠠᠢᠨ᠎ᠡ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠡ ᠰᠡᠳᠬᠢᠯᠭᠡ ᠪᠠᠨ ᠡᠷᠭᠡᠪᠰᠢ ᠤᠯᠠᠮ ᠨᠢᠭᠡ ᠠᠯᠬᠤᠮ ᠨᠡᠮᠡᠭᠳᠡᠬᠦᠯᠤᠨ ᠰᠠᠢᠳᠤᠷ ᠬᠢᠵᠤ᠂ ᠲᠠᠢᠪᠤᠰᠢᠷᠠᠨ ᠰᠤᠯᠠᠷᠠᠬᠤ ᠰᠡᠳᠬᠢᠯᠭᠡ ᠶᠢ ᠡᠷᠡᠰ ᠲᠠᠪᠴᠢᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠲᠤᠬᠠᠢ ᠬᠤᠰᠢᠭᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠵᠢᠯᠤᠭᠤᠳᠬᠤ ᠭᠡᠯᠳᠡᠰ ᠤᠨ ᠰᠢᠨ᠎ᠡ ᠪᠠᠢᠷᠢᠯᠠᠭᠤᠯᠤᠯᠳᠠ ᠰᠢᠨ᠎ᠡ ᠰᠠᠭᠠᠷᠳᠠᠯᠭ᠎ᠠ ᠶᠤᠰᠤᠭᠠᠷ᠂ ᠡᠯ᠎ᠠ ᠲᠦᠷᠤᠯ ᠤᠨ ᠰᠡᠷᠭᠡᠢᠯᠡᠨ ᠡᠵᠡᠮᠳᠡᠬᠦ ᠠᠵᠢᠯᠯᠠᠭ᠎ᠠ ᠶᠢᠨ ᠬᠦᠴᠤᠨ ᠲᠠᠢ ᠦᠷ᠎ᠠ ᠪᠦᠳᠤᠮᠵᠢ ᠶᠢ ᠪᠠᠳᠤᠯᠠᠬᠤ ᠭᠡᠷᠡᠭᠳᠡᠢ ᠭᠡᠵᠡᠢ᠃
ᠪᠠᠶᠠᠨᠰᠠᠩ ᠱᠠᠭᠠᠷᠳᠠᠭᠰᠨᠨ ᠨᠢ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠴᠠᠭ ᠤᠨ ᠪᠠᠢᠳᠠᠯ ᠢ ᠤᠯᠠᠨ ᠨᠢᠭᠡ ᠠᠯᠬᠤᠮ ᠰᠠᠢᠳᠤᠷ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ᠂ᠢᠳᠡᠪᠬᠢ ᠠᠵᠢᠯᠯᠠᠵᠤ᠂ ᠠᠵᠢᠯᠳᠠᠨ ᠤ ᠪᠠᠢᠴᠠᠭᠠᠯᠳᠠ᠂ ᠲᠠᠩᠰᠠᠯᠠᠨ ᠪᠠᠢᠴᠠᠭᠠᠨ ᠭᠡᠮᠵᠢᠬᠦ ᠵᠡᠷᠭᠡ ᠭᠤᠤᠯᠳᠠᠯᠭ᠎ᠠ ᠲᠠᠢ ᠠᠵᠢᠯ ᠢ ᠨᠡᠩ ᠨᠠᠷᠢᠯᠢᠭ ᠬᠢᠬᠦ ᠭᠡᠷᠡᠭᠳᠡᠢ᠃ ᠬᠠᠮᠢᠶᠠᠷᠤᠯᠳᠠ ᠪᠠᠨ ᠦᠨᠡᠨᠬᠦ ᠴᠢᠩᠭᠠᠳᠬᠠᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠡᠬᠦᠷᠭᠡ ᠶᠢᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠤᠨ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠ ᠪᠠᠢᠭᠤᠯᠭ᠎ᠠ ᠶᠢᠨ ᠡᠳᠤᠷ ᠲᠤᠳᠤᠮ ᠤᠨ ᠠᠵᠢᠯ ᠢ ᠨᠢᠭᠡᠳᠤᠯᠳᠠᠢ ᠲᠦᠯᠤᠪᠯᠠᠨ ᠰᠠᠢᠳᠤᠷ ᠬᠢᠬᠦ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠺᠠᠳ᠋ᠷ ᠵᠢᠱᠢᠶᠡᠴᠢ ᠲᠠᠭᠤᠷᠢᠶᠠᠯ ᠤᠢᠯᠡᠳᠤᠯ ᠶᠢᠠᠨ ᠬᠦᠢᠴᠡᠳ ᠪᠠᠳᠠᠷᠠᠭᠤᠯᠵᠤ᠂ ᠢᠳᠡᠪᠬᠢᠳᠠᠢ ᠬᠦᠷᠢᠶᠠᠯᠠᠡ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠶᠢ ᠪᠦᠬᠦ ᠬᠦᠴᠤᠨ ᠶᠢᠠᠷ ᠲᠠᠮᠵᠢᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠦᠨᠡᠨᠬᠦ ᠨᠡᠩ ᠪᠦᠬᠦ ᠲᠠᠯ᠎ᠠ ᠪᠡᠷ᠂ ᠨᠡᠩ ᠦᠨᠡᠨ ᠪᠠᠳᠤᠳᠠᠢ᠂ ᠨᠡᠩ ᠨᠠᠷᠢᠯᠢᠭ᠂ ᠨᠡᠩ ᠰᠠᠢᠳᠤᠷ ᠬᠢᠬᠦ ᠭᠡᠷᠡᠭᠳᠡᠢ ᠭᠡᠵᠡᠢ᠃