ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠬᠤᠷᠠᠯ ᠬᠤᠷᠠᠯᠳᠤᠭᠤᠯᠤᠨ ᠤᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠤᠰᠬᠠᠢ ᠰᠡᠳᠤᠪᠳᠤ ᠪᠠᠢᠷᠢᠯᠠᠭᠤᠯᠤᠯᠳᠠ ᠬᠢᠭᠰᠡᠡ ᠨᠢ


3ᠰᠠᠷ᠎ᠠ ᠶᠢᠨ25᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠬᠤᠷᠠᠯ ᠬᠤᠷᠠᠯᠳᠤᠭᠤᠯᠤᠨ《ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠢᠴᠠᠭᠠᠬᠤ ᠠᠵᠢᠯ ᠤᠨ ᠲᠦᠷᠢᠮ》᠂ ᠱᠢ ᠲᠠᠢ ᠹᠸᠩ ᠱᠦᠵᠢ ᠶᠢᠨ ᠦᠪᠡᠷᠳᠡᠭᠡᠨ ᠵᠠᠰᠠᠬᠤ ᠤᠷᠤᠨ ᠤ ᠨᠡᠬᠦᠷᠡᠰᠤᠨ ᠡᠬᠢ ᠪᠠᠶᠠᠯᠢᠭ ᠤᠨ ᠬᠦᠷᠢᠶ᠎ᠠ ᠭᠡᠪᠴᠢᠶᠠᠨ ᠳᠡᠬᠢ ᠬᠠᠤᠯᠢ ᠲᠦᠷᠢᠮ ᠢ ᠵᠦᠷᠢᠴᠡᠭᠰᠨᠨ ᠠᠰᠠᠭᠤᠳᠠᠯ ᠳᠤ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯ ᠤᠨ ᠲᠤᠰᠬᠠᠢ ᠰᠡᠳᠤᠪᠳᠤ ᠰᠠᠭᠤᠳᠠᠯ ᠤᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ᠂ ᠲᠠᠪᠤᠳᠤᠭᠠᠷ ᠬᠤᠭᠤᠴᠠᠭᠠᠨ ᠤ ᠲᠦᠩᠯᠢᠶᠤᠤ ᠬᠤᠳᠠ ᠶᠢᠨ ᠨᠠᠮ ᠤᠨ ᠬᠤᠷᠢᠶᠠᠨ ᠤ ᠠᠷᠪᠠᠳᠤᠭᠠᠷ ᠡᠬᠡᠯᠵᠢ ᠶᠢᠨ ᠲᠤᠭᠤᠷᠢᠨ ᠪᠠᠢᠴᠠᠭᠠᠬᠤ ᠠᠵᠢᠯ ᠤᠨ ᠲᠠᠢᠴᠢᠯᠠᠯᠳᠠ ᠪᠠᠢᠷᠢᠯᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠪᠠ ᠬᠤᠰᠢᠭᠤᠨ ᠤ ᠨᠡᠬᠦᠷᠡᠰᠤᠨ ᠡᠬᠢ ᠪᠠᠶᠠᠯᠢᠭ ᠤᠨ ᠬᠦᠷᠢᠶ᠎ᠠ ᠭᠡᠪᠴᠢᠶᠠᠨ ᠳᠡᠬᠢ ᠬᠠᠤᠯᠢ ᠲᠦᠷᠢᠮ ᠢ ᠵᠦᠷᠢᠴᠡᠭᠰᠨᠨ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠪᠠᠭ᠎ᠠ ᠲᠤᠭᠤᠢᠯᠠᠩ ᠤᠨ ᠬᠤᠷᠠᠯ ᠤᠨ ᠵᠤᠷᠢᠭ ᠰᠠᠨᠠᠭ᠎ᠠ ᠶᠢ ᠵᠤᠬᠢᠶᠠᠨ ᠪᠠᠢᠭᠤᠯᠵᠤ ᠰᠤᠷᠤᠯᠴᠠᠪᠠ᠃ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠬᠦ ᠶᠢᠨ ᠬᠠᠮᠳᠤ ᠲᠠᠭᠠᠭᠤᠯᠤᠨ ᠰᠤᠷᠤᠯᠴᠠᠵᠤ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠰᠤᠷᠤᠯᠴᠠᠯᠭ᠎ᠠ ᠳᠤ ᠤᠷᠤᠯᠴᠠᠭᠰᠨᠨ ᠪᠠᠢᠨ᠎ᠡ᠃



ᠬᠤᠷᠠᠯ ᠡᠴᠨ ᠴᠢᠩᠭᠠᠳᠬᠠᠭᠰᠨᠨ ᠨᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠡᠬᠦᠷᠡᠰᠤᠨ ᠡᠬᠢ ᠪᠠᠶᠠᠯᠢᠭ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠭᠰᠠᠨ ᠠᠵᠢᠯᠳᠠᠨ ᠡᠴᠨ ᠲᠠᠨᠢᠯᠳᠠ ᠪᠠᠨ ᠦᠨᠡᠨᠬᠦ ᠲᠠᠭᠡᠭᠰᠢᠯᠡᠬᠦᠯᠵᠤ᠂ ᠲᠡᠭᠡᠳᠤ ᠭᠡᠮᠵᠢᠶᠠᠨ ᠤ ᠬᠠᠷᠢᠭᠤᠴᠠᠯᠭᠠᠳᠤ ᠤᠪᠤᠷ ᠶᠢᠠᠷ ᠬᠤᠰᠢᠭᠤᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠭᠰᠨᠨ ᠡᠯ᠎ᠠ ᠲᠦᠷᠤᠯ ᠤᠨ ᠠᠵᠢᠯ ᠢ ᠨᠠᠷᠢᠨ ᠬᠢᠨᠠᠮᠠᠭᠠᠢ ᠪᠡᠶᠡᠯᠡᠬᠦᠯᠤᠨ᠂ ᠲᠤᠰ ᠭᠠᠷᠠᠭ ᠤᠨ ᠲᠤᠳᠤᠷ᠎ᠠ ᠬᠠᠮᠢᠶ᠎ᠠ ᠪᠦᠬᠦᠢ ᠠᠵᠢᠯ ᠤᠨ ᠠᠬᠢᠴᠨ ᠶᠢᠨ ᠮᠡᠳᠡᠬᠦᠯᠤᠯᠳᠠ ᠪᠠᠨ ᠠᠯᠪᠠᠨ ᠭᠡᠷ ᠲᠤ ᠲᠤᠰᠢᠶᠠᠵᠤ᠂《ᠵᠠᠷᠤᠤᠨ ᠬᠤᠰᠢᠭᠤᠨ ᠤ ᠪᠦᠬᠦ ᠠᠯᠪᠠᠨ ᠲᠤᠰᠢᠶᠠᠯᠳᠠᠨ ᠤ 2000 ᠤᠨ ᠡᠴᠨ ᠨᠠᠰᠢᠬᠢ ᠨᠡᠬᠦᠷᠡᠰᠤᠨ ᠡᠬᠢ ᠪᠠᠶᠠᠯᠢᠭ ᠤᠨ ᠬᠦᠷᠢᠶ᠎ᠠ ᠭᠡᠪᠴᠢᠶᠠᠨ ᠳᠤ ᠬᠤᠯᠪᠤᠭᠳᠠᠬᠤ ᠪᠠᠢᠳᠠᠯ ᠤᠨ ᠮᠡᠳᠡᠬᠦᠯᠤᠯᠳᠠ ᠶᠢᠨ ᠬᠦᠰᠤᠨᠦᠭᠳᠤ》᠋ ᠶᠢ ᠨᠠᠷᠢᠨ ᠬᠢᠨᠠᠮᠠᠭᠠᠢ ᠦᠨᠡᠨ ᠮᠦᠨ ᠶᠢᠠᠷ ᠨᠢ ᠲᠠᠭᠯᠠᠨ᠂ ᠠᠯᠪᠠᠨ ᠭᠡᠷ ᠡᠴᠨ ᠡᠮᠬᠢᠳᠭᠡᠨ ᠬᠤᠷᠢᠶᠠᠩᠭᠤᠢᠯᠠᠭᠰᠨᠨ ᠤ ᠲᠠᠷᠠᠭ᠎ᠠ᠂ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠢᠭᠤᠯᠬᠤ ᠭᠡᠯᠳᠡᠰ ᠲᠤ ᠮᠡᠳᠡᠬᠦᠯᠤᠨ ᠬᠦᠷᠭᠡᠬᠦ ᠭᠡᠷᠡᠭᠳᠡᠢ ᠭᠡᠵᠡᠢ᠃