ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠶᠡᠭᠡ ᠴᠡᠪᠡᠷᠯᠡᠭᠡ ᠶᠢᠨ ᠬᠦᠳᠡᠯᠭᠡᠭᠡᠨ ᠦᠷᠨᠢᠬᠦᠯᠦᠭᠰᠨᠨ ᠨᠢ

 


 


ᠬᠤᠰᠢᠭᠤᠨ ᠤ ᠤᠷᠴᠢᠨ ᠲᠤᠭᠤᠷᠢᠨ ᠡᠷᠡᠬᠦᠯ ᠬᠠᠮᠠᠭᠠᠯᠠᠯ ᠢ ᠶᠡᠷᠤᠩᠭᠡᠢᠯᠡᠨ ᠵᠠᠰᠠᠬᠤ ᠵᠢᠴᠢ ᠤᠯᠤᠰ ᠶᠢᠠᠨ ᠬᠠᠢᠷᠠᠯᠠᠬᠤ ᠬᠦᠳᠡᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠤᠰᠤᠭᠠᠷ᠂3 ᠰᠠᠷ᠎ᠠ ᠶᠢᠨ27᠋ ᠤ ᠡᠳᠤᠷ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠲᠠᠳ᠋ ᠱᠦᠵᠢ ᠵᠠᠩ ᠯᠢ ᠪᠠᠢᠭᠤᠯᠭ᠎ᠠ ᠶᠢᠨ ᠭᠡᠰᠡᠭ ᠨᠠᠮ ᠤᠨ ᠭᠡᠰᠢᠬᠦᠨ ᠢ ᠲᠠᠭᠠᠭᠤᠯᠤᠨ ᠯᠦᠪᠸᠢ ᠪᠠᠯᠭᠠᠰᠤᠨ ᠤ ᠪᠸᠢ᠋ ᠳ᠋ᠸᠤ ᠶᠡᠭᠡ ᠠᠷᠢᠬᠢᠨ ᠮᠤᠬᠤᠯᠠᠭ ᠡᠴᠨ ᠸᠸᠨ ᠰᠢᠨ ᠬᠤᠶᠠᠳᠤᠭᠠᠷ ᠬᠤᠭᠤᠴᠠᠭ᠎ᠠ ᠶᠢᠨ ᠵᠠᠮ ᠱᠤᠭᠤᠮ ᠬᠦᠷᠳᠡᠯ᠎ᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠶᠡᠭᠡ ᠴᠡᠪᠡᠷᠯᠡᠭᠡ ᠶᠢᠨ ᠬᠦᠳᠡᠯᠭᠡᠭᠡᠨ ᠦᠷᠨᠢᠬᠦᠯᠵᠤ᠂ᠬᠠᠷᠢᠭᠤᠴᠠᠭᠰᠨᠨ ᠤᠷᠤᠨ ᠤ ᠴᠠᠭᠠᠨ ᠦᠩᠭᠡᠳᠤ ᠪᠤᠵᠠᠷᠳᠤᠯ ᠪᠤᠳᠠᠰ ᠵᠡᠷᠭᠡ ᠬᠤᠭ ᠨᠤᠪᠰᠢ ᠪᠠ ᠡᠷᠡᠬᠦᠯ ᠬᠠᠮᠠᠭᠠᠯᠠᠯ ᠤᠨ ᠤᠷᠤᠨ ᠤ ᠭᠡᠪᠴᠢᠶᠠᠨ ᠳᠤ ᠦᠨᠴᠤᠭ᠌ ᠪᠦᠯᠤᠩ ᠢ ᠨᠢ ᠦᠯᠡᠳᠡᠭᠡᠯ ᠦᠭᠡᠢ ᠪᠦᠬᠦᠨ ᠢ ᠰᠠᠢᠬᠠᠨ ᠠᠷᠢᠯᠭᠠᠨ ᠴᠡᠪᠡᠷᠯᠡᠪᠡ᠃

ᠲᠤᠰ ᠤᠳᠠᠭᠠᠨ ᠤ ᠲᠦᠪᠯᠡᠷᠡᠬᠦᠯᠤᠨ ᠬᠢᠭᠰᠡᠨ ᠴᠡᠪᠡᠷᠯᠡᠭᠡ ᠨᠢ ᠵᠦᠪᠭᠡᠨ ᠬᠠᠷᠢᠭᠤᠴᠠᠭᠰᠨᠨ ᠤᠷᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠪᠠᠢᠳᠠᠯ ᠢ ᠰᠠᠢᠵᠢᠷᠠᠭᠤᠯᠤᠭᠰᠨᠨ ᠶᠢᠠᠷ ᠦᠯᠤ ᠪᠠᠷᠠᠠ᠂ ᠪᠢᠳᠠ ᠪᠦᠬᠦᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠲᠤᠬᠠᠢ ᠦᠵᠡᠯ ᠤᠬᠠᠮᠰᠠᠷ ᠢ ᠲᠠᠭᠡᠭᠰᠢᠯᠡᠬᠦᠯᠵᠤ᠂ ᠠᠷᠢᠭᠤᠨ ᠴᠡᠪᠡᠷ᠂ᠭᠤᠶᠤ ᠲᠤᠬᠢᠯᠢᠭ ᠠᠮᠢᠳᠤᠷᠠᠯ ᠤᠨ ᠤᠷᠴᠢᠨ ᠲᠤᠭᠤᠷᠢᠨ ᠢ ᠪᠦᠳᠤᠭᠡᠨ ᠪᠠᠢᠭᠤᠯᠬᠤ ᠳᠤ ᠰᠠᠢᠨ ᠤᠷᠢᠳᠠᠯ ᠪᠤᠯᠤᠭᠰᠨᠨ ᠪᠠᠢᠨ᠎ᠠ ᠭᠡᠵᠤ ᠪᠦᠬᠦᠳᠡᠭᠡᠷ ᠶᠢᠠᠨ ᠢᠯᠡᠷᠭᠡᠢᠯᠡᠵᠡᠭᠡᠪᠡ᠃

ᠲᠠᠷᠠᠭᠠᠴᠢ ᠪᠡᠷ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠤᠷᠴᠢᠨ ᠲᠤᠭᠤᠷᠢᠨ ᠤ ᠶᠡᠭᠡ ᠵᠠᠰᠠᠯᠳᠠ ᠲᠤᠮᠳᠠ ᠡᠮᠤᠨ᠎ᠡ ᠨᠢ ᠤᠷᠤᠭᠰᠢᠯᠡᠨ ᠲᠠᠭᠤᠷᠢᠶᠠᠯ ᠪᠤᠯᠵᠤ᠂ ᠤᠷᠴᠢᠨ ᠲᠤᠭᠤᠷᠢᠨ ᠢ ᠵᠠᠰᠠᠬᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠬᠦ᠂ ᠡᠷᠭᠡᠳᠤ ᠠᠷᠠᠳ ᠤᠨ ᠰᠤᠶᠤᠯ ᠪᠤᠯᠪᠠᠰᠤᠨ ᠤ ᠭᠡᠷ᠎ᠠ ᠶᠢ ᠵᠢᠷᠤᠮᠯᠠᠨ ᠰᠠᠬᠢᠬᠤ ᠶᠢ ᠲᠠᠢᠴᠢᠯᠡᠨ᠂ ᠪᠤᠯᠪᠠᠰᠤᠨ ᠵᠠᠩ ᠲᠠᠳᠬᠠᠯ ᠢ ᠪᠤᠢ ᠪᠤᠯᠭᠠᠵᠤ᠂ ᠪᠤᠳᠠᠳᠤ ᠠᠵᠢᠯᠯᠠᠭ᠎ᠠ ᠪᠡᠷ ᠶᠢᠠᠨ ᠬᠠᠵᠠᠭᠤ ᠬᠠᠪᠢ ᠶᠢᠨ ᠤᠯᠨᠨ ᠲᠦᠮᠨᠨ ᠢ ᠤᠷᠴᠢᠨ ᠲᠤᠭᠤᠷᠢᠨ ᠤ ᠶᠡᠭᠡ ᠵᠠᠰᠠᠯᠳᠠ ᠲᠤᠮᠳᠠ ᠢᠳᠡᠪᠬᠢᠳᠠᠢ ᠤᠷᠤᠯᠴᠠᠬᠤ ᠶᠢ ᠨᠦᠯᠤᠭᠡᠯᠡᠨ ᠲᠠᠭᠠᠭᠤᠯᠵᠤ᠂ ᠬᠤᠳᠠ ᠪᠠᠯᠭᠠᠰᠤ ᠶᠢᠨ ᠪᠦᠬᠦᠢᠯᠨ ᠪᠤᠯᠪᠠᠰᠤᠨ ᠭᠡᠪ ᠰᠤᠷᠳᠠᠯ ᠢ ᠲᠠᠭᠡᠭᠰᠢᠯᠡᠬᠦᠯᠬᠦ᠂ ᠵᠠᠷᠤᠤᠨ ᠬᠤᠰᠢᠭᠤᠨ ᠤ ᠰᠠᠢᠨ ᠰᠠᠢᠬᠠᠨ ᠲᠦᠷᠢ ᠲᠦᠷᠬᠦ ᠶᠢ ᠢᠯᠡᠷᠡᠬᠦᠯᠬᠦ ᠳᠤ ᠬᠤᠪᠢ ᠨᠡᠮᠡᠷᠢ ᠪᠠᠨ ᠦᠵᠡᠬᠦᠯᠤᠶ᠎ᠠ᠃

ᠡᠮᠦᠨᠡᠬᠢ᠄ ᠮᠠᠯᠴᠢᠳ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠢᠯᠠᠩ ᠤᠨ ᠬᠢᠨ ᠳᠤ ᠪᠠᠶᠠᠷ ᠲᠠᠯᠠᠷᠬᠠᠯ ᠤᠨ ᠭᠡᠮᠡᠷᠯᠢᠭ᠌ ᠲᠤᠭ ᠬᠦᠷᠭᠡᠭᠰᠨᠨ ᠨᠢ
ᠳᠠᠷᠠᠭᠠᠬᠢ᠄ ᠲᠤᠮᠳᠠᠳᠤ ᠤᠯᠤᠰ ᠤᠨ ᠠᠷᠠᠳ ᠤᠨ ᠡᠳ᠋ ᠬᠦᠷᠤᠩᠭᠡ ᠶᠢᠨ ᠲᠠᠭᠠᠳᠬᠠᠯ ᠤᠨ ᠬᠢᠵᠠᠭᠠᠷᠳᠤ ᠺᠤᠮᠫᠠᠨᠢ ᠶᠢᠨ ᠵᠠᠷᠤᠤᠨ ᠬᠤᠰᠢᠭᠤᠨ ᠳᠡᠬᠢ ᠰᠠᠯᠪᠤᠷᠢ ᠺᠤᠮᠫᠠᠨᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠳᠤ ᠬᠢᠵᠢᠭ᠌ ᠤᠨ ᠠᠷᠢᠭᠤᠳᠬᠠᠯ ᠬᠢᠵᠤ ᠦᠭᠬᠦᠭᠰᠨᠨ ᠨᠢ