ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ 《ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠲᠦᠷᠢᠮ》᠋ ᠢ ᠵᠤᠬᠢᠶᠠᠨ ᠪᠠᠢᠭᠤᠯᠵᠤ ᠰᠤᠷᠤᠯᠴᠠᠭᠰᠠᠨ ᠨᠢ


4ᠰᠠᠷ᠎ᠠ ᠶᠢᠨ3᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠲᠦᠪᠯᠡᠷᠡᠨ ᠰᠤᠷᠤᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠪᠡ᠃


ᠬᠤᠷᠠᠯ ᠡᠴᠨ《ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠲᠦᠷᠢᠮ》᠋ ᠢ ᠨᠠᠷᠢᠨ ᠬᠢᠨᠠᠮᠭᠠᠢ ᠵᠤᠬᠢᠶᠠᠨ ᠪᠠᠢᠭᠤᠯᠵᠤ ᠰᠤᠷᠤᠯᠴᠠᠪᠠ᠃

ᠬᠤᠷᠠᠯ ᠡᠴᠨ ᠱᠠᠭᠠᠷᠳᠠᠭᠰᠨᠨ ᠨᠢ᠂ ᠨᠢᠭᠡ ᠳᠤ᠂ ᠨᠠᠮ ᠤᠨ ᠭᠡᠰᠢᠬᠦᠨ ᠺᠠᠳ᠋ᠷ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠲᠦᠷᠢᠮ ᠢ ᠨᠠᠷᠢᠨ ᠬᠢᠨᠠᠮᠠᠭᠠᠢ ᠰᠤᠷᠤᠯᠴᠠᠵᠤ᠂ ᠢᠳᠡᠪᠬᠢᠳᠠᠢ ᠰᠡᠳᠬᠢᠨ᠂ ᠬᠠᠷᠢᠯᠴᠠᠭ᠎ᠠ ᠪᠠᠨ ᠴᠢᠩᠭᠠᠳᠬᠠᠵᠤ᠂ ᠬᠤᠷᠠᠯ ᠤᠨ ᠠᠭᠤᠯᠭ᠎ᠠ ᠶᠢᠨ ᠪᠤᠳᠠᠳᠤ ᠴᠢᠨᠠᠷ ᠢ ᠬᠦᠨᠵᠡᠭᠡᠢ ᠤᠢᠯᠠᠭᠠᠬᠤ ᠭᠡᠷᠡᠭᠳᠡᠢ᠃ᠬᠤᠶᠠᠷ ᠲᠤ᠂ ᠨᠠᠮ ᠤᠨ ᠭᠡᠰᠢᠬᠦᠨ ᠺᠠᠳ᠋ᠷ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠶᠢ ᠪᠠᠷᠢᠮᠳᠠᠯᠠᠵᠤ᠂《ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠲᠦᠷᠢᠮ》᠋ ᠶᠢᠠᠷ ᠴᠡᠭᠡᠷᠯᠡᠯ ᠪᠤᠯᠭᠠᠨ᠂ ᠬᠤᠪᠢ ᠪᠠᠶ᠎ᠠ ᠶᠢᠨ ᠠᠵᠢᠯᠯᠠᠭ᠎ᠠ ᠪᠠᠨ ᠲᠦᠷᠢᠮᠵᠢᠬᠦᠯᠵᠤ᠂ ᠲᠦᠷᠢᠮ ᠤᠨ ᠠᠭᠤᠯᠭ᠎ᠠ ᠶᠢ ᠲᠤᠭᠤᠰᠢᠯᠠᠭᠤᠯᠵᠤ ᠨᠠᠢᠳᠠᠪᠤᠷᠢᠵᠢᠭᠤᠯᠤᠨ᠂ ᠬᠤᠪᠢ ᠪᠠᠶ᠎ᠠ ᠶᠢᠨ ᠡᠬᠦᠷᠭᠡ ᠲᠤᠰᠢᠶᠠᠯ ᠶᠢᠠᠨ ᠦᠨᠡᠨᠬᠦ ᠰᠠᠢᠳᠤᠷ ᠬᠦᠢᠴᠡᠳᠭᠡᠬᠦ ᠭᠡᠷᠡᠭᠳᠡᠢ ᠭᠡᠵᠡᠢ᠃

ᠬᠤᠷᠠᠯ ᠳᠤ ᠤᠷᠤᠯᠴᠠᠭᠰᠠᠨ ᠨᠠᠮ ᠤᠨ ᠭᠡᠰᠢᠬᠦᠤᠨ ᠡᠴᠨ《ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠡᠷ ᠪᠠᠶ᠎ᠠ ᠪᠠᠨ ᠪᠠᠷᠢᠬᠤ ᠲᠦᠷᠢᠮ》᠋ ᠤᠨ ᠠᠭᠤᠯᠭ᠎ᠠ ᠲᠤᠪᠴᠢ ᠠᠪᠰᠠᠷᠬᠠᠨ᠂ᠰᠠᠭᠤᠭᠳᠠᠭᠤᠯᠬᠤ ᠳᠤ ᠲᠦᠬᠦᠮ᠂ ᠨᠠᠷᠢᠨ ᠬᠢᠨᠠᠮᠠᠭᠠᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠵᠤ᠂ ᠨᠠᠮ ᠤᠨ ᠰᠢᠯᠢᠳᠡᠭ ᠤᠳᠤᠮᠰᠢᠯᠳᠤ ᠤᠪᠤᠷ ᠰᠤᠷᠳᠠᠯ ᠢ ᠬᠠᠳᠠᠭᠠᠯᠠᠬᠤ ᠪᠠ ᠪᠠᠳᠠᠷᠠᠭᠤᠯᠤᠨ᠂ ᠡᠪ ᠬᠠᠮᠳᠤ ᠨᠠᠮ ᠤᠨ ᠲᠦᠪ ᠭᠤᠤᠯᠴᠢ ᠠᠷᠢᠭᠤᠨ ᠴᠢᠭᠡᠴᠢ ᠤᠯᠤᠰ ᠲᠦᠷᠤ ᠶᠢᠨ ᠤᠤᠯ ᠴᠢᠨᠠᠷ ᠢ ᠬᠠᠳᠠᠭᠠᠯᠠᠨ᠎ᠡ ᠭᠡᠵᠤ ᠲᠤᠰᠪᠤᠷᠢ ᠢᠯᠡᠷᠭᠡᠢᠯᠡᠵᠡᠭᠡᠪᠡ᠃

ᠬᠤᠷᠠᠯ ᠲᠠᠭᠡᠷ᠎ᠠ ᠮᠦᠨ《ᠲᠤᠮᠳᠠᠳᠤ ᠤᠯᠤᠰ ᠤᠨ ᠡᠪ ᠬᠠᠮᠳᠤ ᠨᠠᠮ ᠤᠨ ᠵᠠᠷᠤᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠬᠦᠳᠠ ᠬᠤᠷᠠᠯᠳᠤᠭᠠᠨ ᠲᠠᠭᠡᠷᠡᠭᠢ ᠠᠵᠢᠯ ᠤᠨ ᠮᠡᠳᠡᠬᠦᠯᠤᠯᠳᠠ》᠋ ᠶᠢ ᠤᠯᠠᠮᠵᠢᠯᠠᠨ ᠰᠤᠷᠤᠯᠴᠠᠪᠠ᠃

ᠬᠤᠷᠠᠯ ᠤᠨ ᠡᠴᠤᠰ ᠲᠤ ᠴᠢᠩᠭᠠᠳᠬᠠᠨᠭᠰᠨ ᠨᠢ᠂ ᠮᠠᠨ ᠤ ᠬᠤᠰᠢᠭᠤ ᠶᠠᠭ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠠᠯᠴᠢᠭᠡᠷ ᠤᠨ ᠭᠠᠯ ᠰᠡᠷᠭᠡᠢᠯᠡᠯᠳᠠ ᠶᠢᠨ ᠬᠤᠭᠤᠴᠠᠭᠠᠨ ᠳᠤ ᠪᠠᠢᠨ᠎ᠡ᠂ ᠺᠠᠳ᠋ᠷ ᠠᠵᠢᠯᠳᠠᠨ ᠦᠵᠡᠯ ᠰᠠᠨᠠᠭᠠᠨ ᠤ ᠤᠬᠠᠮᠰᠠᠷ ᠶᠢᠠᠨ ᠦᠨᠡᠨᠬᠦ ᠲᠠᠭᠡᠭᠰᠢᠯᠡᠬᠦᠯᠵᠤ᠂ ᠬᠤᠪᠢ ᠪᠠᠶ᠎ᠠ ᠡᠴᠨ ᠪᠠᠨ ᠡᠬᠢᠯᠡᠨ ᠭᠠᠯ ᠰᠡᠷᠭᠡᠢᠯᠡᠯᠳᠠ ᠶᠢᠨ ᠠᠵᠢᠯ ᠢ ᠰᠠᠢᠳᠤᠷ ᠬᠢᠵᠤ᠂ ᠬᠠᠵᠠᠭᠤ ᠬᠠᠪᠢ ᠶᠢᠨ ᠤᠯᠠᠨ ᠲᠦᠮᠨᠨ ᠢ ᠤᠬᠠᠭᠤᠯᠤᠨ ᠲᠠᠢᠴᠢᠯᠠᠵᠤ᠂ ᠬᠠᠩᠰᠢ ᠶᠢᠨ ᠬᠤᠭᠤᠴᠠᠭᠠᠨ ᠳᠤ ᠭᠡᠭᠡᠷ᠎ᠠ ᠭᠠᠳᠠᠨ᠎ᠡ ᠭᠠᠯ ᠭᠡᠷᠡᠭᠯᠡᠬᠦ ᠬᠠᠮᠢᠶᠠᠷᠤᠯᠳᠠ ᠶᠢ ᠴᠢᠩᠭᠠᠳᠬᠠᠨ᠂ ᠪᠤᠯᠪᠠᠰᠤᠨ ᠲᠠᠬᠢᠯᠭ᠎ᠠ ᠶᠢ ᠤᠷᠢᠶᠠᠯᠠᠵᠤ᠂ ᠭᠠᠯ ᠲᠦᠢᠮᠠᠷ ᠤᠨ ᠭᠠᠮᠰᠢᠭ ᠡᠬᠦᠰᠬᠦ ᠶᠢ ᠡᠷᠡᠰ ᠬᠤᠷᠢᠭᠯᠠᠬᠤ ᠭᠡᠷᠡᠭᠳᠡᠢ ᠭᠡᠵᠡᠢ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠬᠤᠷᠠᠯ ᠬᠤᠷᠠᠯᠳᠤᠭᠤᠯᠤᠨ ᠤᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠤᠰᠬᠠᠢ ᠰᠡᠳᠤᠪᠳᠤ ᠪᠠᠢᠷᠢᠯᠠᠭᠤᠯᠤᠯᠳᠠ ᠬᠢᠭᠰᠡᠡ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠨᠢᠭᠡᠳᠤᠭᠡᠷ ᠤᠯᠠᠷᠢᠯ ᠤᠨ ᠨᠠᠮ ᠤᠨ ᠪᠦᠳᠤᠭᠡᠨ ᠪᠠᠢᠭᠤᠯᠤᠯᠳᠠ ᠶᠢᠨ ᠠᠵᠢᠯ ᠤᠨ ᠲᠦᠯᠬᠢᠨ ᠠᠬᠢᠭᠤᠯᠬᠤ ᠬᠤᠷᠠᠯ ᠵᠢᠴᠢ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ》᠋᠋ ᠶᠢ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠤᠭᠰᠨᠨ ᠨᠢ