ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ᠁
ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠡᠭᠦᠷ《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠ ᠲᠥᠷᠥ ᠶᠢᠨ ᠪᠠᠢᠭᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠦᠷᠢᠮ》ᠪᠠ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠦᠨ ᠬᠠᠤᠯᠢ》᠋᠋ ᠶᠢ ᠵᠣᠬᠢᠶᠠᠨ ᠪᠠᠢᠭᠤᠯᠤᠨ ᠰᠤᠷᠤᠯᠴᠠᠭᠰᠠᠨ ᠨᠢ


4ᠰᠠᠷ᠎ᠠ ᠶᠢᠨ 17᠋ ᠤ ᠡᠳᠦᠷ ᠦᠨ ᠦᠳᠡ ᠶᠢᠨ ᠬᠣᠢᠨ᠎ᠠ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠭᠦᠷ ᠰᠢᠨ᠎ᠡ ᠪᠡᠷ ᠵᠠᠰᠠᠪᠤᠷᠢ ᠣᠷᠣᠭᠤᠯᠤᠭᠰᠠᠨ《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠ ᠲᠥᠷᠥ ᠶᠢᠨ ᠪᠠᠢᠭᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠢᠭᠤᠯᠤᠯᠲᠠ ᠶᠢᠨ ᠠᠵᠢᠯ ᠤᠨ ᠲᠦᠷᠢᠮ》ᠪᠠ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠦᠨ ᠬᠠᠤᠯᠢ》᠋᠋ ᠶᠢ ᠵᠣᠬᠢᠶᠠᠨ ᠪᠠᠢᠭᠤᠯᠤᠨ ᠰᠤᠷᠤᠯᠴᠠᠪᠠ᠃ ᠨᠠᠮ ᠤᠨ ᠡᠭᠦᠷ ᠦᠨ ᠱᠦᠵᠢ ᠯᠢ ᠴᠧᠩ ᠭᠦᠸᠧ ᠬᠤᠷᠠᠯ ᠡᠷᠭᠢᠯᠡᠵᠦ ᠂ ᠨᠠᠮ ᠤᠨ ᠡᠭᠦᠷ ᠦᠨ ᠳᠡᠳ᠋ ᠱᠦᠵᠢ ᠹᠦ᠋ ᠶᠢᠨ ᠱᠠᠨ ᠳᠠᠭᠠᠭᠤᠯᠵᠤ ᠰᠤᠷᠤᠯᠴᠠᠨ᠂ ᠪᠠᠢᠭᠤᠯᠭ᠎ᠠ ᠶᠢᠨ ᠪᠥᠬᠥ ᠨᠠᠮ  ᠤᠨ ᠭᠡᠰᠢᠭᠦᠨ ᠺᠠᠳ᠋ᠷ ᠠᠵᠢᠯᠲᠠᠨ ᠰᠤᠷᠤᠯᠴᠠᠯᠭ᠎ᠠ ᠳᠤ ᠣᠷᠣᠯᠴᠠᠵᠠᠶ ᠃

ᠬᠤᠷᠠᠯ  ᠠᠴᠠ ᠵᠢᠭᠠᠵᠤ ᠭᠠᠷᠭᠠᠭᠰᠨᠨ ᠨᠢ᠂《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠ ᠲᠥᠷᠥ ᠶᠢᠨ ᠪᠠᠢᠭᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠢᠭᠤᠯᠤᠯᠲᠠ ᠶᠢᠨ ᠠᠵᠢᠯ ᠤᠨ ᠲᠦᠷᠢᠮ》ᠳ᠋ᠤ ᠵᠠᠰᠠᠪᠤᠷᠢ ᠣᠷᠣᠭᠤᠯᠵᠤ ᠬᠡᠷᠡᠭᠵᠢᠭᠦᠯᠬᠦ ᠨᠢ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠪᠠᠢᠭᠤᠯᠤᠯᠲᠠ ᠶᠢᠨ ᠶᠠᠰᠤ ᠴᠢᠨᠠᠷ ᠢ ᠪᠥᠬᠥ ᠲᠠᠯ᠎ᠠ ᠪᠠᠷ ᠳᠡᠭᠡᠭᠰᠢᠯᠡᠭᠦᠯᠵᠦ ᠂ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠡᠭᠦᠷ ᠦᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶᠢᠨ ᠤᠢᠯᠡᠳᠤᠯ ᠢ ᠬᠦᠢᠴᠡᠳ ᠪᠠᠳᠠᠷᠠᠭᠤᠯᠬᠤ ᠳᠤ ᠴᠢᠬᠤᠯᠠ ᠠᠴᠢ ᠬᠣᠯᠪᠣᠭᠳᠠᠯ ᠲᠠᠶ ᠶᠤᠮ ᠭᠡᠵᠡᠢ ᠃


ᠬᠤᠷᠠᠯ  ᠠᠴᠠ ᠴᠢᠬᠤᠯᠠᠴᠢᠯᠠᠭᠰᠠᠨ ᠨᠢ ᠂ ᠪᠠᠢᠭᠤᠯᠭ᠎ᠠ ᠶᠢᠨ ᠨᠠᠮ ᠤᠨ ᠡᠭᠦᠷ ᠢᠮᠠᠭᠲᠠ ᠬᠣᠰᠢᠭᠤ ᠨᠠᠮ ᠤᠨ ᠬᠣᠷᠢᠶᠠᠨ ᠤ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠂ᠤᠯᠤᠰ ᠲᠥᠷᠥ ᠶᠢ ᠡᠷᠬᠢᠮᠯᠡᠬᠦ ᠪᠠ ᠣᠨᠣᠯ ᠤᠨ ᠰᠤᠷᠤᠯᠴᠠᠯᠭ᠎ᠠ ᠶᠢ ᠪᠣᠳᠠᠲᠠᠶ ᠳᠤ ᠨᠠᠢᠳᠠᠪᠤᠷᠢᠵᠢᠭᠤᠯᠵᠤ᠂ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠪᠠ ᠰᠢ ᠶᠢᠨ ᠫᠢᠩ ᠨᠥᠬᠥᠷ ᠶᠢᠠᠷ ᠭᠤᠤᠯ ᠪᠤᠯᠭᠠᠭᠰᠨᠨ ᠨᠠᠮ ᠤᠨ ᠲᠥᠪ ᠬᠣᠷᠢᠶ᠎ᠠ ᠲᠠᠶ ᠳᠡᠭᠡᠳᠦ ᠬᠡᠮᠵᠢᠶ᠎ᠡ ᠪᠡᠷ ᠨᠢᠭᠡᠳᠤᠯᠳᠠᠢ ᠪᠠᠢᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠣ ᠂ ᠨᠠᠮ ᠤᠨ ᠲᠥᠪ ᠬᠣᠷᠢᠶᠠᠨ ᠤ ᠡᠯ᠎ᠡ ᠵᠤᠢᠯ ᠦᠨ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠪᠥᠬᠥ ᠨᠠᠮ ᠤᠨ ᠭᠡᠰᠢᠭᠦᠳ ᠰᠢᠨ᠎ᠡ ᠴᠠᠭ ᠦᠶ᠎ᠡ ᠶᠢᠨ ᠨᠠᠮ ᠤᠨ ᠪᠠᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠭᠦᠷ ᠦᠨ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢᠨ ᠲᠣᠭᠣᠷᠢᠨ ᠳᠤ᠂《ᠲᠦᠷᠢᠮ》ᠪᠠ《ᠨᠢᠭᠤᠴᠨ ᠲᠡᠮᠳᠡᠭ ᠦᠨ ᠬᠠᠤᠯᠢ》᠋᠋ ᠶᠢᠨ ᠵᠣᠷᠢᠭ ᠰᠠᠨᠠᠭ᠎ᠠ ᠶᠢ ᠭᠦᠨᠵᠡᠭᠡᠶ ᠣᠢᠯᠠᠭᠠᠵᠤ᠂《ᠲᠦᠷᠢᠮ》᠋᠋ ᠪᠠ《ᠨᠢᠭᠤᠴᠠ ᠲᠡᠮᠳᠡᠭ ᠦᠨ ᠬᠠᠤᠯᠢ》᠋᠋ ᠶᠢᠨ ᠠᠭᠤᠯᠭ᠎ᠠ ᠶᠢ ᠪᠥᠬᠥ ᠲᠠᠯ᠎ᠠ ᠪᠠᠷ ᠡᠵᠡᠮᠰᠢᠨ᠂《ᠲᠦᠷᠢᠮ》ᠪᠠ《ᠨᠢᠭᠤᠴᠨ ᠲᠡᠮᠳᠡᠭ ᠤᠨ ᠬᠠᠤᠯᠢ》᠋᠋ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ ᠂ ᠪᠥᠬᠥ ᠬᠦᠴᠦᠨ ᠶᠢᠠᠷ ᠶᠢᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ ᠂ ᠡᠯ᠎ᠡ ᠵᠤᠢᠯ ᠦᠨ ᠠᠵᠢᠯ ᠤᠨ ᠳᠠᠬᠢᠨ ᠰᠢᠨ᠎ᠡ ᠳᠡᠭᠲᠡᠷ ᠲᠦ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃

ᠬᠤᠷᠠᠯ ᠳᠡᠭᠡᠷ᠎ᠡ ᠂ ᠯᠢ ᠴᠧᠩ ᠭᠦᠸᠧ ᠨᠥᠬᠥᠷ ᠪᠠᠰᠠ《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠬᠠᠮᠢᠶᠠᠷᠤᠯᠲᠠ ᠶᠢᠨ ᠠᠷᠭ᠎ᠠ (ᠲᠦᠷ ᠬᠡᠷᠡᠭᠵᠢᠭᠦᠯᠬᠦ)》᠋᠋ ᠶᠢᠨ ᠮᠡᠳᠡᠭᠳᠡᠯ ᠢ ᠤᠯᠠᠮᠵᠢᠯᠠᠬᠤ ᠶᠢᠨ ᠬᠠᠮᠲᠤ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠶᠠᠳᠠᠭᠤ ᠶᠢ ᠬᠠᠪᠰᠤᠷᠤᠨ ᠲᠡᠳᠬᠦᠬᠦ ᠶᠢ ᠬᠤᠯᠪᠤᠭᠠᠯᠠᠨ ᠲᠠᠭᠠᠭᠠᠴᠢᠯᠠᠠᠬᠤ ᠬᠠᠷᠢᠭᠤᠴᠠᠯᠭᠠᠲᠠᠳ ᠨᠠᠷᠢᠨ ᠬᠢᠨᠠᠮᠭᠠᠢ ᠲᠤᠭᠤᠰᠢᠯᠠᠭᠤᠯᠤᠨ ᠭᠡᠷᠡᠭᠵᠢᠬᠦᠯᠬᠦ ᠬᠡᠷᠡᠭᠲᠡᠶ ᠭᠡᠵᠦ ᠱᠠᠭᠠᠷᠳᠠᠪᠠ᠃

ᠬᠠᠮᠤᠭ ᠡᠴᠦᠰ ᠲᠦ᠂ ᠯᠢ ᠴᠧᠩ ᠭᠦᠸᠧ ᠨᠥᠬᠥᠷ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠪᠡᠯᠡᠳᠬᠡᠯ ᠠᠵᠢᠯ ᠳᠤ ᠭᠤᠤᠯᠳᠠᠯᠠᠭ᠎ᠠ ᠲᠠᠶ ᠲᠣᠬᠢᠷᠠᠭᠤᠯᠤᠯᠲᠠ ᠪᠠᠢᠷᠢᠯᠠᠭᠤᠯᠤᠯᠲᠠ ᠬᠢᠪᠡ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠨᠢᠭᠡᠳᠤᠭᠡᠷ ᠤᠯᠠᠷᠢᠯ ᠤᠨ ᠨᠠᠮ ᠤᠨ ᠪᠦᠳᠤᠭᠡᠨ ᠪᠠᠢᠭᠤᠯᠤᠯᠳᠠ ᠶᠢᠨ ᠠᠵᠢᠯ ᠤᠨ ᠲᠦᠯᠬᠢᠨ ᠠᠬᠢᠭᠤᠯᠬᠤ ᠬᠤᠷᠠᠯ ᠵᠢᠴᠢ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ》᠋᠋ ᠶᠢ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠭᠤᠯᠭ᠎ᠠ ᠶᠢᠨ ᠨᠠᠮ ᠤᠨ ᠡᠬᠦᠷ 《ᠰᠠᠢᠨ ᠨᠤᠮ ᠤᠩᠰᠢᠬᠤ》ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ ᠦᠷᠨᠢᠬᠦᠯᠦᠭᠰᠨᠨ ᠨᠢ