ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯᠳᠤᠭᠠᠨ ᠤ ᠪᠠᠯᠡᠳᠭᠡᠯ ᠲᠤᠭᠤᠢᠯᠠᠩ ᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠤᠭᠰᠨᠨ ᠨᠢ
4 ᠰᠠᠷ᠎ᠠ ᠶᠢᠨ 21᠋ ᠤ ᠡᠳᠤᠷ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯᠳᠤᠭᠠᠨ ᠤ ᠪᠠᠯᠡᠳᠭᠡᠯ ᠲᠤᠭᠤᠢᠯᠠᠩ ᠤ ᠠᠵᠢᠯ ᠢ ᠲᠤᠬᠢᠷᠠᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠬᠤᠷᠠᠯ ᠳᠤ ᠤᠷᠤᠯᠴᠠᠨ ᠶᠠᠷᠢᠶ᠎ᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠭᠡᠰᠡᠭ ᠠᠵᠢᠯ ᠤᠨ ᠵᠦᠪᠯᠡᠯ ᠤᠨ ᠡᠷᠬᠢᠯᠡᠭᠴᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃


ᠡᠤ ᠰᠢᠶᠤᠤ ᠱᠠᠭᠠᠷᠳᠠᠭᠰᠨᠨ ᠨᠢ᠂ ᠵᠢᠯ ᠳᠤ ᠨᠢᠭᠡ ᠤᠳᠠᠭ᠎ᠠ ᠶᠠᠪᠤᠭᠳᠠᠳᠠᠭ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠪᠦᠬᠦ ᠬᠤᠰᠢᠭᠤᠨ ᠤ ᠠᠷᠠᠳ ᠲᠦᠮᠨᠨ ᠤ ᠤᠯᠤᠰ ᠲᠦᠷᠤ ᠶᠢᠨ ᠠᠮᠢᠳᠤᠷᠠᠯ ᠳᠡᠬᠢ ᠨᠢᠭᠡᠨ ᠶᠡᠭᠡ ᠶᠠᠪᠤᠳᠠᠯ ᠪᠤᠯᠤᠨ᠎ᠡ᠂ᠨᠡᠢᠭᠡᠮ ᠤᠨ ᠠᠩᠬᠠᠷᠤᠯ ᠤᠨ ᠭᠡᠮᠵᠢᠶ᠎ᠠ ᠦᠨᠳᠤᠷ᠂ ᠪᠡᠯᠡᠳᠭᠡᠯ ᠭᠠᠵᠠᠷ ᠤᠨ ᠡᠯ᠎ᠠ ᠲᠤᠭᠤᠢᠯᠠᠩ ᠤᠨ ᠪᠦᠷᠢᠯᠳᠤᠬᠦᠨ ᠭᠡᠰᠢᠬᠦᠤᠨ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠵᠤ᠂ᠶᠡᠭᠡ ᠬᠤᠷᠠᠯ ᠤᠨ ᠪᠠᠯᠡᠳᠭᠡᠯ ᠠᠵᠢᠯ ᠤᠨ ᠴᠢᠬᠤᠯᠨ ᠴᠢᠨᠠᠷ ᠪᠠ ᠲᠤᠯᠭᠠᠮ᠎ᠡ ᠴᠢᠨᠠᠷ ᠢ ᠬᠦᠢᠴᠡᠳ ᠲᠠᠨᠢᠵᠤ᠂ᠬᠠᠷᠢᠭᠤᠴᠠᠯᠭᠠᠳᠤ ᠰᠡᠳᠬᠢᠯᠭᠡ ᠪᠠ ᠡᠬᠦᠷᠭᠡᠳᠤ ᠰᠡᠳᠬᠢᠯᠭᠡ ᠪᠠᠨ ᠨᠡᠮᠡᠭᠳᠡᠬᠦᠯᠤᠨ᠂ ᠶᠡᠭᠡ ᠬᠤᠷᠠᠯ ᠤᠨ ᠡᠯ᠎ᠠ ᠵᠤᠢᠯ ᠤᠨ ᠪᠠᠯᠡᠳᠭᠡᠯ ᠠᠵᠢᠯ ᠢ ᠦᠨᠳᠤᠷ ᠪᠠᠷᠢᠮᠵᠢᠶ᠎ᠠ᠂ ᠴᠢᠨᠠᠷ ᠰᠠᠢᠳᠠᠢ ᠪᠡᠶᠡᠯᠡᠬᠦᠯᠬᠦ ᠭᠡᠷᠡᠭᠳᠡᠢ ᠭᠡᠵᠡᠢ᠃


ᠡᠤ ᠰᠢᠶᠤᠤ ᠴᠢᠬᠤᠯᠠᠴᠢᠯᠠᠭᠰᠨᠨ ᠨᠢ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠵᠤ᠂ ᠡᠯ᠎ᠠ ᠲᠤᠭᠤᠢᠯᠠᠩ ᠤᠨ ᠠᠵᠢᠯ ᠤᠨ ᠬᠤᠪᠢᠶᠠᠷᠢᠯᠠᠯ ᠵᠢᠴᠢ ᠶᠡᠭᠡ ᠬᠤᠷᠠᠯ ᠤᠨ ᠪᠡᠯᠡᠳᠭᠡᠯ ᠭᠠᠵᠠᠷ ᠤᠨ ᠱᠠᠭᠠᠷᠳᠠᠯᠭ᠎ᠠ ᠶᠤᠰᠤᠭᠠᠷ᠂ᠨᠠᠷᠢᠨ ᠬᠢᠨᠠᠮᠠᠭᠠᠢ ᠬᠠᠷᠢᠭᠤᠴᠠᠨ᠂ ᠨᠢᠭᠳᠠ ᠬᠠᠮᠵᠢᠯᠴᠠᠵᠤ᠂ ᠬᠦᠴᠤᠨ ᠪᠠᠨ ᠬᠠᠮᠳᠤᠳᠬᠠᠨ᠂ ᠬᠦᠮᠤᠨ ᠪᠦᠬᠦᠨ ᠬᠠᠷᠢᠭᠤᠴᠠᠭᠰᠨᠨ ᠠᠵᠢᠯ ᠤᠨ ᠡᠬᠦᠷᠭᠡ ᠪᠠᠨ ᠰᠠᠢᠳᠤᠷ ᠪᠠᠶᠡᠯᠡᠬᠦᠯᠵᠤ᠂ ᠰᠠᠬᠢᠯᠭ᠎ᠠ ᠪᠠᠳᠤ ᠶᠢ ᠴᠢᠩᠭ᠎ᠠ ᠰᠠᠬᠢᠨ᠂ ᠪᠡᠯᠡᠳᠭᠡᠯ ᠭᠠᠵᠠᠷ ᠤᠨ ᠨᠢᠭᠡᠳᠤᠯᠳᠠᠢ ᠲᠤᠬᠢᠷᠠᠭᠤᠯᠤᠯᠳᠠ ᠶᠢ ᠬᠢᠨᠠᠮᠠᠭᠠᠢ ᠰᠤᠨᠤᠰᠴᠤ᠂ ᠡᠯ᠎ᠠ ᠵᠤᠢᠯ ᠤᠨ ᠠᠵᠢᠯ ᠶᠢᠠᠨ ᠰᠠᠨᠠᠭᠠᠴᠢᠯᠠᠭ᠎ᠠ ᠡᠴᠨ ᠪᠠᠨ ᠢᠳᠡᠪᠬᠢᠳᠠᠢ ᠰᠠᠢᠳᠤᠷ ᠬᠢᠵᠤ᠂ ᠶᠡᠭᠡ ᠬᠤᠷᠠᠯ ᠤᠨ ᠤᠷᠤᠭᠰᠢᠳᠠᠢ ᠬᠤᠷᠠᠯᠳᠤᠬᠤ ᠪᠠ ᠲᠠᠬᠦᠰ ᠠᠮᠵᠢᠯᠳᠠ ᠤᠯᠬᠤ ᠶᠢ ᠪᠠᠳᠤᠯᠠᠬᠤ ᠭᠡᠷᠡᠭᠳᠡᠢ ᠭᠡᠵᠡᠢ᠃