ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ᠁
ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠳᠥᠷᠪᠡᠳ᠋ᠦᠭᠡᠷ ᠬᠤᠷᠠᠯᠳ᠋ᠤᠭᠠᠨ ᠤ ᠬᠣᠶᠠᠳ᠋ᠤᠭᠠᠷ ᠤᠳ᠋ᠠᠭᠠᠨ ᠤ ᠪᠦᠬᠦᠳ᠋ᠠ ᠬᠤᠷᠠᠯ ᠬᠤᠷᠠᠯᠳ᠋ᠤᠪᠠ

            

            4 ᠰᠠᠷ᠎ᠠ ᠶᠢᠨ 27 ᠊ᠤ ᠡᠳ᠋ᠦᠷ  ᠤᠨ ᠦᠳ᠋ᠡ ᠶᠢᠨ ᠡᠮᠦᠨ᠎ᠠ᠂ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠳᠥᠷᠪᠡᠳ᠋ᠦᠭᠡᠷ ᠬᠤᠷᠠᠯᠳ᠋ᠤᠭᠠᠨ ᠤ ᠬᠣᠶᠠᠳ᠋ᠤᠭᠠᠷ ᠤᠳ᠋ᠠᠭᠠᠨ ᠤ ᠪᠦᠬᠦᠳ᠋ᠠ ᠬᠤᠷᠠᠯ ᠬᠤᠷᠠᠯᠳ᠋ᠤᠪᠠ᠃

            ᠥᠨᠥᠳ᠋ᠦᠷ  ᠤᠨ ᠶᠡᠬᠡ ᠬᠤᠷᠠᠯ ᠤᠨ ᠭᠦᠶ᠍ᠴᠡᠳᠬᠡᠬᠦ ᠲᠡᠷᠢ᠍ᠭᠦᠯᠡᠭ᠍ᠴᠢ ᠪᠣᠯ ᠪᠠᠶ ᠯᠢ ᠵᠤ᠂ ᠡᠷᠳᠡᠨᠢᠬᠦᠤ᠂ ᠪᠠᠶᠠᠨᠰᠠᠩ᠂ ᠡᠤ ᠰᠢ᠍ᠶᠤᠤ᠂ ᠪᠦ ᠮᠤᠤ ᠰᠢ᠍ᠶᠠᠩ᠂ ᠳ᠋ᠧᠩ ᠭᠤᠸᠠᠩ ᠹᠸᠩ᠂ᠡᠷᠳᠡᠨᠢᠪᠦ᠊ᠢᠬᠡ᠂ ᠵᠠᠩ ᠭᠦᠸᠧ ᠽᠸᠩ᠂ ᠲᠤᠯᠭᠠᠭᠤᠷᠢ᠂ ᠴᠧᠨ ᠵᠢᠶ‍ᠧ᠂ ᠪᠠᠶ ᠱᠦ᠋ᠨ᠂ ᠯᠢ᠍ᠦ ᠰᠢ᠍ᠶᠤᠤ ᠴᠢ᠍ᠶᠠᠨ᠂ ᠰᠢ᠍ᠤᠢ ᠸᠸᠨ ᠵᠢᠶ‍ᠧ᠂ ᠲᠡᠭ᠍ᠰᠢ᠂ ᠵᠠᠩ ᠽᠢ ᠰᠢ᠍ᠤᠸᠠᠢ᠂ ᠱᠤᠸᠠᠩ ᠰᠢ ᠪᠣᠯᠤᠨ᠎ᠠ᠃

            
               ᠪᠠᠶ ᠯᠢ ᠵᠦ᠂ᠡᠷᠳᠡᠨᠢᠭᠦᠤ᠂ ᠵᠧᠦ ᠵᠢᠶᠠᠨ ᠭᠦᠸᠧ᠂ ᠯᠢ᠍ᠶᠠᠩ ᠲᠢ᠍ᠶ‍ᠸ ᠪᠤᠤ᠂ ᠪᠠᠶᠠᠨᠰᠠᠩ᠂ ᠰᠦ᠋ᠨ ᠷᠦ ᠴᠢ᠍ᠦ᠂ ᠡᠤ ᠰᠢ᠍ᠶᠤᠤ᠂ ᠪᠦ ᠮᠤᠤ ᠰᠢ᠍ᠶᠠᠩ᠂ ᠦᠷᠡᠪᠠᠳ᠋ᠣ᠂ ᠰᠥᠩ ᠯᠢ᠍ᠶᠠᠨ ᠡᠾᠦ᠋ᠢ ᠲᠡᠷᠢ᠍ᠭᠦᠯᠡᠭ᠍ᠴᠢ ᠶᠢᠨ ᠲᠠᠢ᠌ᠰᠠᠨ ᠤ ᠡᠮᠦᠨ᠎ᠠ ᠮᠥᠷ ᠲᠤ ᠰᠠᠭᠤᠯᠴᠠᠪᠠ᠃ ᠶᠡᠬᠡ ᠬᠤᠷᠠᠯ ᠤᠨ ᠲᠡᠷᠢ᠍ᠭᠦᠯᠡᠭ᠍ᠴᠢ᠍ᠳ  ᠤᠨ ᠪᠦᠯᠬᠦᠮ  ᠤᠨ ᠪᠦᠷᠢ᠍ᠯᠳ᠋ᠦᠬᠦᠨ ᠬᠡᠰᠢ᠍ᠬᠦᠳ ᠲᠡᠷᠢ᠍ᠭᠦᠯᠡᠭ᠍ᠴᠢ ᠶᠢᠨ ᠲᠠᠢ᠌ᠰᠠᠨ ᠳᠤ ᠰᠠᠭᠤᠯᠴᠠᠪᠠ᠃
           ᠲᠣᠰ ᠤᠳ᠋ᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭ᠍ᠴᠢ 181 ᠬᠥᠮᠦᠨ᠂ ᠪᠣᠳ᠋ᠠᠲᠠᠶ ᠣᠷᠣᠯᠴᠠᠭᠰᠠᠨ ᠲᠦ᠋ᠯᠦᠬᠡᠯᠡᠭ᠍ᠴᠢ 166 ᠬᠥᠮᠦᠨ ᠪᠠᠢ᠌ᠵᠤ᠂ ᠬᠠᠤᠯᠢ ᠳᠤ ᠲᠣᠭᠲᠠᠭᠠᠭᠰᠠᠨ ᠬᠥᠮᠦᠨ  ᠤ ᠲᠣᠭᠠᠨ ᠳᠤ ᠨᠡᠢ᠌ᠴᠡᠪᠠ᠃ ᠶᠡᠬᠡ ᠬᠤᠷᠠᠯ ᠢ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ  ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠳᠡᠳ᠋ ᠡᠷᠬᠢᠯᠡᠭ᠍ᠴᠢ ᠡᠤ ᠰᠢ᠍ᠶᠤᠤ ᠡᠷᠭᠢᠯᠡᠪᠡ᠃

           
          ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ  ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠡᠷᠬᠢᠯᠡᠭ᠍ᠴᠢ ᠪᠠᠶᠠᠨᠰᠠᠩ ᠶᠡᠬᠡ ᠬᠤᠷᠠᠯ ᠳᠤ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ  ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠠᠵᠢ᠍ᠯ ᠤᠨ ᠮᠡᠳ᠋ᠡᠬᠦᠯᠤᠯᠳ᠋ᠠ ᠬᠢᠪᠡ᠃ ᠮᠡᠳ᠋ᠡᠭᠦᠯᠦᠯᠲᠡ ᠨᠢ 2019 ᠣᠨ ᠤ ᠠᠵᠢ᠍ᠯ ᠤᠨ ᠡᠷᠭᠢᠴᠡᠭᠦᠯᠦᠯ ᠪᠠ 2020 ᠣᠨ ᠤ ᠭᠣᠤᠯ ᠠᠵᠢ᠍ᠯ ᠤᠨ ᠡᠭᠦᠷᠭᠡ ᠬᠤᠶᠠᠷ ᠬᠡᠰᠡᠭ᠌ ᠶᠢᠡᠷ ᠪᠦᠷᠢ᠍ᠯᠳ᠋ᠦᠪᠡ᠃

           
                 2019 ᠣᠨ ᠤ ᠠᠵᠢ᠍ᠯ ᠢ ᠡᠷᠭᠢᠴᠡᠭᠦᠯᠬᠦ ᠳ᠋ᠡᠬᠡᠨ᠂ ᠪᠠᠶᠠᠨᠰᠠᠩ ᠬᠡᠯᠡᠭ᠍ᠰᠡᠨ ᠨᠢ᠂ 2019 ᠣᠨ ᠪᠣᠯ ᠰᠢ᠍ᠨ᠎ᠠ ᠳᠤᠮᠳ᠋ᠠᠳ᠋ᠤ ᠤᠯᠤᠰ ᠪᠠᠢ᠌ᠭᠤᠯᠤᠭᠳ᠋ᠠᠭᠰᠠᠨ 70 ᠵᠢᠯ  ᠤᠨ ᠤᠢ᠂ ᠣᠷᠣᠨ ᠨᠤᠲᠤᠭ ᠤᠨ ᠠᠷᠠᠳ ᠤᠨ ᠲᠥᠯᠥᠭᠡᠯᠡᠭ᠍ᠴᠢ᠍ᠳ  ᠤᠨ  ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠢ᠎ᠠ ᠪᠠᠢ᠌ᠭᠤᠯᠤᠭᠳ᠋ᠠᠭᠰᠠᠨ 40 ᠵᠢᠯ  ᠤᠨ ᠤᠢ᠂ ᠴᠢ᠍ᠨᠡᠭᠡᠯᠢ᠍ᠭ᠌ ᠨᠡᠢ᠌ᠭᠡᠮ ᠢ ᠪᠦᠬᠦ ᠲᠠᠯ᠎ᠠ ᠪᠠᠷ ᠪᠦᠳ᠋ᠦᠬᠡᠨ ᠪᠠᠢ᠌ᠭᠤᠯᠬᠤ ᠵᠠᠩᠭᠢᠯᠠᠭ᠎ᠠ ᠶᠢᠨ ᠵᠢᠯ᠂ ᠪᠠᠰᠠ ᠴᠤ ᠶᠠᠳ᠋ᠠᠭᠤ ᠡᠴᠡ ᠠᠩᠭᠢᠵᠢ᠍ᠷᠠᠭᠤᠯᠬᠤ ᠪᠣᠭᠣᠮᠲᠠ ᠰᠢ᠍ᠪᠲᠤᠯᠬᠤ ᠳᠠᠢ᠌ᠯᠠᠯᠳ᠋ᠤᠭᠠᠨ ᠤ ᠰᠢ᠌ᠳᠪᠦᠷᠢ᠍ᠲᠦ ᠢᠯᠠᠯᠲᠠ ᠶᠢ ᠤᠯᠬᠤ ᠵᠢᠯ ᠪᠣᠯᠤᠨ᠎ᠠ᠃ ᠨᠢ᠍ᠭᠡ ᠵᠢᠯ  ᠤᠨ ᠲᠤᠷᠰᠢ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ  ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠣᠰᠢ᠍ᠭᠤᠨ ᠨᠠᠮ ᠤᠨ ᠬᠣᠷᠢ᠍ᠶᠠᠨ ᠤ ᠪᠠᠲᠤ ᠴᠢ᠍ᠩᠭ᠎ᠠ ᠤᠳ᠋ᠤᠷᠢ᠍ᠳ᠋ᠤᠯᠭ᠎ᠠ ᠳᠣᠤᠷ᠎ᠠ᠂ ᠰᠢ ᠶᠢᠨ ᠫᠢᠩ  ᠤᠨ ᠰᠢ᠍ᠨ᠎ᠠ ᠴᠠᠭ ᠦᠶ ᠎ᠠ ᠶᠢᠨ ᠳᠤᠮᠳ᠋ᠠᠳ᠋ᠤ ᠤᠯᠤᠰ ᠤᠨ ᠣᠨᠴᠠᠯᠢ᠍ᠭ ᠲᠠᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢ᠍ᠯᠠᠭᠤᠯᠵᠤ᠂ ᠨᠠᠮ ᠤᠨ ᠠᠷᠪᠠ ᠶᠢ᠍ᠰᠦᠳ᠋ᠦᠭᠡᠷ ᠶᠡᠬᠡ ᠬᠤᠷᠠᠯ ᠪᠣᠯᠤᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠥᠪ ᠬᠣᠷᠢ᠍ᠶᠠᠨ ᠤ ᠬᠣᠶᠠᠳ᠋ᠤᠭᠠᠷ᠂ ᠭᠤᠷᠪᠠᠳ᠋ᠤᠭᠠᠷ᠂ ᠳᠥᠷᠪᠡᠳ᠋ᠦᠭᠡᠷ ᠪᠥᠬᠥᠳ᠋ᠡ ᠬᠤᠷᠠᠯ ᠤᠨ ᠵᠣᠷᠢ᠍ᠭ ᠰᠠᠨᠠᠭ᠎ᠠ ᠶᠢ ᠬᠦᠨᠵᠡᠬᠡᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠵᠤ᠂ ᠡᠭᠦᠷᠭᠡ ᠲᠤᠰᠢ᠍ᠶᠠᠯ ᠶᠢᠡᠨ ᠭᠦᠢᠴᠡᠳᠬᠡᠬᠦ ᠳ᠋ᠦ ᠴᠠᠯᠠᠭᠠᠢ᠌ᠷᠠᠬᠤ ᠥᠬᠡᠶ᠂ ᠬᠢᠨᠠᠯᠲᠠ ᠲᠠᠯᠪᠢᠬᠤ ᠳᠤ ᠲᠤᠰᠢ᠍ᠶᠠᠯ ᠳᠠᠭᠠᠨ ᠣᠰᠣᠯᠳ᠋ᠠᠬᠤ ᠥᠬᠡᠶ᠂ ᠡᠭᠦᠷᠭᠡ ᠬᠠᠷᠢ᠍ᠭᠤᠴᠠᠯᠭ᠎ᠠ ᠪᠠᠨ ᠭᠦᠢᠴᠡᠳᠭᠡᠬᠦ ᠳᠤ ᠪᠠᠢᠷᠢ ᠳᠠᠪᠠᠬᠤ ᠥᠬᠡᠶ᠂ ᠰᠡᠳᠬᠢᠯ ᠨᠢ᠍ᠭᠡᠳ᠋ᠦᠨ ᠬᠦᠴᠦ ᠪᠡᠨ ᠬᠠᠮᠲᠤᠳᠬᠠᠵᠤ᠂ ᠬᠠᠷᠢ᠍ᠭᠤᠴᠠᠯᠭ᠎ᠠ ᠡᠭᠦᠷᠭᠡᠯᠡᠨ ᠵᠢᠳᠬᠦᠯ ᠴᠢ᠍ᠷᠮᠠᠢ᠌ᠯᠭ᠎ᠠ ᠭᠠᠷᠭᠠᠵᠤ᠂ ᠡᠯ᠎ᠠ ᠵᠦᠢᠯ ᠤᠨ ᠠᠵᠢ᠍ᠯ ᠰᠢ᠍ᠨ᠎ᠠ ᠠᠬᠢᠴᠠ᠂ ᠰᠢ᠍ᠨ᠎ᠠ ᠰᠢ᠍ᠪᠲᠤᠯᠤᠯᠲᠠ ᠲᠠᠶ ᠪᠣᠯᠪᠠ ᠬᠡᠵᠡᠢ᠃

          
          ᠪᠠᠶᠠᠨᠰᠠᠩ ᠬᠡᠯᠡᠭ᠍ᠰᠡᠨ ᠨᠢ᠂ ᠠᠷᠠᠳ ᠤᠨ ᠲᠦ᠋ᠯᠦᠬᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶ᠎ᠠ ᠨᠠᠮ ᠤᠨ ᠤᠳ᠋ᠤᠷᠢ᠍ᠳ᠋ᠤᠯᠭ᠎ᠠ ᠶᠢ ᠢᠮᠠᠭᠲᠠ ᠪᠠᠷᠢ᠍ᠮᠲᠠᠯᠠᠵᠤ᠂ ᠲᠣᠭ ᠲᠡᠮᠳ᠋ᠡᠭ᠌ ᠲᠣᠳ᠋ᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠤᠯᠤᠰ ᠲᠥᠷᠥ ᠶᠢᠨ ᠵᠦ᠋ᠪ ᠴᠢᠭ᠍ᠯᠡᠯ ᠶᠢᠡᠨ ᠪᠠᠲᠤᠳᠬᠠᠵᠤ᠂ ᠠᠷᠠᠳ ᠤᠨ ᠲᠥᠯᠥᠭᠡᠯᠡᠭ᠍ᠴᠢ᠍ᠳ  ᠤᠨ ᠶᠡᠬᠡ ᠬᠤᠷᠠᠯ ᠤᠨ ᠨᠠᠮ ᠤᠨ ᠤᠳ᠋ᠤᠷᠢ᠍ᠳᠬᠤ ᠳᠤᠭᠤᠢ᠌ᠯᠠᠩ  ᠤᠨ ᠦᠢᠯᠡᠳᠦᠯ  ᠢ ᠭᠦᠢᠴᠡᠳ ᠪᠠᠳ᠋ᠠᠷᠠᠭᠤᠯᠪᠠ᠃ ᠬᠢᠨᠠᠯᠲᠠ ᠲᠠᠯᠪᠢᠬᠤ ᠪᠠ ᠳᠡᠮᠵᠢ᠍ᠬᠦ ᠶᠢ ᠵᠡᠷᠭᠡᠪᠡᠷ ᠴᠢ᠍ᠬᠤᠯᠠᠴᠢ᠍ᠯᠠᠬᠤ ᠶᠢ ᠪᠠᠷᠢ᠍ᠮᠲᠠᠯᠠᠵᠤ᠂ ᠠᠵᠤ ᠠᠬᠤᠶ ᠨᠡᠢ᠌ᠭᠡᠮ ᠤᠨ ᠬᠥᠭ᠍ᠵᠢ᠍ᠯᠲᠡ ᠶᠢ ᠪᠥᠬᠥ ᠬᠦᠴᠦᠨ ᠶᠢᠡᠷ ᠶᠢᠠᠨ ᠠᠬᠢᠭᠤᠯᠵᠤ᠂ ᠶᠠᠳ᠋ᠠᠭᠤ ᠡᠴᠡ ᠠᠩᠭᠢᠵᠢ᠍ᠷᠠᠭᠤᠯᠬᠤ ᠪᠣᠭᠣᠮᠲᠠ ᠰᠢ᠍ᠪᠲᠤᠯᠬᠤ ᠳᠠᠢ᠌ᠯᠠᠯᠳ᠋ᠤᠭᠠᠨ ᠤ ᠢᠯᠠᠯᠲᠠ ᠶᠢ ᠤᠯᠬᠤ ᠶᠢ ᠶᠡᠬᠡᠪᠡᠷ ᠠᠬᠢᠭᠤᠯᠵᠤ᠂ ᠠᠵᠤ ᠠᠬᠤᠶ ᠶᠢᠨ ᠴᠢ᠍ᠨᠠᠷ ᠰᠠᠢ᠌ᠲᠠᠶ ᠬᠦᠭ᠍ᠵᠢ᠍ᠯᠳ᠋ᠠ ᠶᠢ ᠬᠦᠴᠦᠯᠡᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠢ᠌ᠭᠤᠯᠤᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ ᠠᠮᠢ᠍ᠳ᠋ᠤᠷᠠᠯ ᠤᠨ ᠪᠠᠲᠤᠯᠠᠭ᠎ᠠ ᠪᠠ ᠨᠡᠢ᠌ᠭᠡᠮ ᠊ᠤᠨ ᠡᠶ᠎ᠠ ᠵᠣᠬᠢᠴᠠᠯ ᠢ ᠠᠬᠢᠭᠤᠯᠵᠤ᠂ ᠬᠠᠤᠯᠢ ᠪᠠᠷ ᠬᠣᠰᠢ᠍ᠭᠤ ᠪᠠᠨ ᠵᠠᠰᠠᠬᠤ ᠠᠬᠢᠴᠠ ᠶᠢ ᠠᠬᠢᠭᠤᠯᠪᠠ᠃ ᠬᠠᠤᠯᠢ ᠶᠣᠰᠣᠭᠠᠷ ᠰᠢᠢᠳᠪᠦᠷᠢᠲᠦ ᠪᠤᠳ᠋ᠤᠯᠭ᠎ᠠ ᠲᠣᠭᠲᠠᠭᠠᠬᠤ ᠶᠢ ᠪᠠᠷᠢ᠍ᠮᠲᠠᠯᠠᠵᠤ᠂ ᠲᠣᠭᠲᠠᠭᠠᠬᠤ ᠡᠷᠬᠡ ᠪᠠ ᠲᠣᠮᠢ᠍ᠯᠠᠬᠤ ᠪᠠᠭᠤᠯᠭᠠᠬᠤ ᠡᠷᠬᠡ ᠶᠢ ᠵᠥᠪ ᠤᠨᠤᠪᠴᠢ᠍ᠳ᠋ᠡᠢ ᠬᠡᠷᠡᠭ᠍ᠵᠢ᠍ᠭᠦᠯᠵᠦ᠂ ᠴᠢ᠍ᠬᠤᠯᠠ ᠶᠡᠬᠡ ᠬᠡᠷᠡᠭ᠌ ᠶᠠᠪᠤᠳ᠋ᠠᠯ ᠢ ᠲᠣᠭᠲᠠᠭᠠᠬᠤ ᠡᠷᠬᠡ ᠶᠢ ᠬᠠᠤᠯᠢ ᠶᠣᠰᠣᠭᠠᠷ ᠬᠡᠷᠡᠭ᠍ᠵᠢ᠍ᠭᠦᠯᠵᠦ᠂ ᠠᠵᠢ᠍ᠯᠳ᠋ᠠᠨ ᠢ ᠲᠣᠮᠢ᠍ᠯᠠᠬᠤ ᠪᠠ ᠪᠠᠭᠤᠯᠭᠠᠬᠤ ᠠᠵᠢ᠍ᠯ ᠢ ᠬᠠᠤᠯᠢ ᠶᠣᠰᠣᠭᠠᠷ ᠰᠠᠢ᠌ᠲᠤᠷ ᠬᠢᠵᠦ᠂ ᠲᠦ᠋ᠷᠦ ᠶᠢᠨ ᠪᠠᠢ᠌ᠭᠤᠯᠭ᠎ᠠ ᠶᠢᠨ ᠠᠵᠢ᠍ᠯᠳ᠋ᠠᠨ ᠢ 93 ᠬᠥᠮᠦᠨ ᠤᠳ᠋ᠠᠭ᠎ᠠ ᠬᠠᠤᠯᠢ ᠶᠣᠰᠣᠭᠠᠷ ᠲᠣᠮᠢ᠍ᠯᠠᠬᠤ ᠪᠠ ᠪᠠᠭᠤᠯᠭᠠᠪᠠ᠃ ᠦᠢ᠍ᠯᠡᠴᠢ᠍ᠯᠡᠭᠡ ᠪᠡᠨ ᠴᠢ᠍ᠩᠭ᠋ᠠᠳᠬᠠᠬᠤ ᠶᠢ ᠪᠠᠷᠢ᠍ᠮᠲᠠᠯᠠᠵᠤ᠂ ᠲᠥᠯᠥᠭᠡᠯᠡᠭ᠍ᠴᠢ ᠶᠢᠨ ᠦᠢ᠍ᠯᠡᠳ᠋ᠦᠯ᠎᠊ᠶᠢᠠᠨ ᠪᠠᠳ᠋ᠠᠷᠠᠭᠤᠯᠬᠤ ᠶᠢ ᠠᠬᠢᠭᠤᠯᠵᠤ᠂ ᠡᠭᠦᠷᠭᠡ ᠲᠤᠰᠢ᠍ᠶᠠᠯ ᠶᠢᠡᠨ ᠭᠦᠢ᠍ᠴᠡᠳᠬᠡᠬᠦ ᠴᠢ᠍ᠳ᠋ᠠᠪᠤᠷᠢ ᠶᠢᠨ ᠪᠠᠢ᠌ᠭᠤᠯᠤᠯᠲᠠ ᠶᠢ ᠬᠦᠴᠦᠯᠡᠨ ᠴᠢ᠍ᠩᠭ᠋ᠠᠳᠬᠠᠵᠤ᠂ ᠲᠦ᠋ᠯᠦᠬᠡᠯᠡᠭ᠍ᠴᠢ᠍ᠳ ᠊ᠤᠨ ᠡᠭᠦᠷᠭᠡ ᠲᠤᠰᠢ᠍ᠶᠠᠯ ᠶᠢᠡᠨ ᠭᠦᠢ᠍ᠴᠡᠳᠬᠡᠬᠦ ᠲᠠᠪᠴᠠᠩ ᠢ ᠲᠠᠰᠤᠷᠠᠯᠲᠠ ᠦᠭᠡᠶ ᠥᠷᠭᠡᠳᠬᠡᠵᠤ᠂《ᠬᠣᠣᠰ ᠬᠣᠯᠪᠣᠭᠠᠯᠠᠯ》 ᠲᠤᠰ ᠲᠤᠰ ᠲᠤᠰᠢ᠍ᠶᠠᠯ ᠤᠨ ᠮᠡᠳ᠋ᠡᠭᠦᠯᠦᠯᠲᠡ ᠬᠢᠬᠦ ᠠᠵᠢ᠍ᠯᠯᠠᠭ᠎ᠠ ᠶᠢ ᠯᠠᠪᠳ᠋ᠠᠭᠤᠨ ᠪᠠᠲᠤᠲᠠᠢ ᠦᠷᠨᠢᠭᠦᠯᠵᠦ᠂ ᠵᠥᠪᠯᠡᠯᠭᠡ ᠰᠠᠨᠠᠭᠤᠯᠭ᠎ᠠ ᠶᠢ ᠰᠢ᠌ᠳᠪᠦᠷᠢ᠍ᠯᠡᠬᠦ ᠪᠣᠳ᠋ᠠᠲᠤ ᠦᠷ᠎ᠠ ᠪᠦᠲᠦᠮᠵᠢ ᠶᠢ ᠲᠠᠰᠤᠷᠠᠯᠲᠠ ᠦᠭᠡᠶ ᠳᠡᠭᠡᠭ᠍ᠰᠢ᠍ᠯᠡᠬᠦᠯᠪᠡ ᠬᠡᠵᠡᠢ᠃

           
           2020 ᠣᠨ ᠤ ᠭᠣᠤᠯ ᠠᠵᠢ᠍ᠯ ᠤᠨ ᠲᠤᠬᠠᠶ ᠪᠠᠶᠠᠨᠰᠠᠩ ᠬᠡᠯᠡᠭ᠍ᠰᠡᠨ ᠨᠢ᠂ 2020 ᠣᠨ ᠪᠣᠯ ᠠᠷᠪᠠᠨ ᠭᠤᠷᠪᠠᠳ᠋ᠤᠭᠠᠷ ᠳᠠᠪᠤᠨ ᠵᠢᠯ ᠊ᠤᠨ ᠲᠥᠯᠥᠪᠵᠢ᠍ᠭᠦᠯᠭᠡ ᠶᠢᠨ ᠡᠴᠦᠰ  ᠤᠨ ᠵᠢᠯ ᠮᠥᠨ᠂ ᠮᠥᠨ ᠴᠦ ᠴᠢ᠍ᠨᠡᠭᠡᠯᠢ᠍ᠭ᠌ ᠨᠡᠢ᠌ᠭᠡᠮ ᠢ ᠪᠥᠬᠥ ᠲᠠᠯ᠎ᠠ ᠪᠠᠷ ᠪᠠᠢ᠌ᠭᠤᠯᠤᠨ ᠪᠦᠲᠦᠭᠡᠬᠦ ᠰᠢ᠍ᠳᠪᠦᠷᠢ᠍ᠲᠦ ᠢᠯᠠᠯᠲᠠ ᠶᠢ ᠤᠯᠬᠤ ᠵᠢᠯ ᠮᠥᠨ᠃ ᠰᠢ᠍ᠨ᠎ᠠ ᠨᠢ᠍ᠭᠡ ᠵᠢᠯ ᠳᠤ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠠᠵᠢ᠍ᠯ ᠰᠢ᠍ᠨ᠎ᠠ ᠲᠢ᠍ᠲᠢ᠍ᠮᠯᠢ᠍ᠭ᠌ ᠠᠭᠤᠰᠬᠢᠨ ᠦᠷᠪᠢᠰᠦᠯ ᠊ᠤᠨ ᠬᠢᠵᠢ᠍ᠭ᠌ ᠊ᠤᠨ ᠪᠠᠢ᠌ᠳ᠋ᠠᠯ ᠢ ᠡᠰᠡᠷᠭᠦᠴᠡᠬᠦ᠂ ᠬᠢᠵᠢ᠍ᠭ᠌ ᠊ᠤᠨ ᠪᠠᠢ᠌ᠳ᠋ᠠᠯ ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠶ ᠨᠡᠢ᠌ᠭᠡᠮ ᠊ᠤᠨ ᠬᠥᠭ᠍ᠵᠢ᠍ᠯᠲᠡ ᠶᠢ ᠨᠢ᠍ᠭᠡᠳ᠋ᠦᠯᠲᠡᠶ ᠲᠥᠯᠥᠪᠯᠡᠨ ᠠᠬᠢᠭᠤᠯᠬᠤ ᠳᠤᠮᠳ᠋ᠠ ᠰᠠᠢ᠌ᠨ ᠡᠬᠢᠯᠡᠯᠲᠡ ᠲᠡᠶ ᠪᠣᠯᠪᠠ᠃ ᠠᠷᠠᠳ ᠤᠨ ᠲᠦ᠋ᠯᠦᠬᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶ᠎ᠠ ᠬᠣᠰᠢ᠍ᠭᠤᠨ ᠨᠠᠮ ᠤᠨ ᠬᠣᠷᠢ᠍ᠶᠠᠨ ᠤ ᠤᠳ᠋ᠤᠷᠢ᠍ᠳ᠋ᠤᠯᠭ᠎ᠠ ᠳᠣᠣᠷ᠎ᠠ᠂ ᠢᠲᠡᠭᠡᠯ ᠵᠣᠷᠢ᠍ᠭ ᠶᠢᠡᠨ ᠪᠠᠲᠤᠳᠬᠠᠨ᠂ ᠬᠠᠲᠠᠭᠤ ᠪᠡᠷᠬᠡᠰᠢ᠍ᠶᠡᠯ ᠢ ᠬᠠᠮᠲᠤᠪᠠᠷ ᠲᠤᠭᠤᠯᠵᠤ᠂ ᠬᠠᠮᠤᠭ ᠲᠦ᠋ᠷᠦᠬᠦᠨ ᠳ᠋ᠦ ᠲᠥᠯᠥᠭᠡᠯᠡᠭ᠍ᠴᠢ᠍ᠳ ᠢ ᠵᠣᠬᠢᠶᠠᠨ ᠪᠠᠢ᠌ᠭᠤᠯᠤᠨ ᠬᠢᠵᠢ᠍ᠭ᠌ ᠊ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ ᠳᠤ ᠢᠳ᠋ᠡᠪᠬᠢᠲᠡᠢ ᠣᠷᠣᠯᠴᠠᠭᠤᠯᠵᠤ᠂ ᠡᠭᠦᠷᠭᠡ ᠴᠢ᠍ᠳ᠋ᠠᠪᠤᠷᠢ ᠶᠢᠨ ᠦᠢ᠍ᠯᠡᠳ᠋ᠦᠯ  ᠢᠶᠠᠨ ᠭᠦᠢ᠍ᠴᠡᠳ ᠪᠠᠳ᠋ᠠᠷᠠᠭᠤᠯᠵᠤ᠂ ᠬᠣᠰᠢ᠍ᠭᠤᠴᠢ᠂ ᠦᠯᠢ᠍ᠭᠡᠷ ᠳᠠᠭᠤᠷᠢ᠍ᠶᠠᠯ ᠪᠣᠯᠪᠠ᠃ ᠪᠠᠢ᠌ᠭᠤᠯᠭ᠎ᠠ ᠶᠢᠨ ᠺᠠᠳ᠋ᠷ ᠠᠵᠢ᠍ᠯᠲᠠᠨ ᠪᠣᠯᠤᠨ ᠲᠣᠰᠬᠣᠨ ᠳᠤ ᠰᠠᠭᠤᠭ᠎ᠠ ᠠᠵᠢ᠍ᠯᠯᠠᠬᠤ ᠠᠩᠭᠢ ᠬᠢᠵᠢ᠍ᠭ᠌ ᠊ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠨᠢ᠍ᠭᠡᠳ᠋ᠦᠭᠡᠷ ᠹᠷᠣᠨᠲ ᠲᠤ ᠭᠦᠨᠵᠡᠭᠡᠢ᠌ᠷᠡᠨ᠂ ᠰᠠᠢ᠌ᠨ ᠳᠤᠷ᠎ᠠ ᠎᠎᠎᠎᠎᠎᠎᠎᠎᠎᠎᠎᠎᠊ᠤᠨ ᠦᠢᠯᠡᠴᠢ᠍ᠯᠡᠬᠡ ᠥᠷᠨᠢ᠍ᠭᠦᠯᠵᠦ᠂ ᠰᠡᠷᠭᠡᠢ᠌ᠯᠡᠨ ᠡᠵᠡᠮᠳ᠋ᠡᠬᠦ ᠱᠠᠭᠠᠷᠳ᠋ᠠᠯᠭ᠎ᠠ ᠶᠣᠰᠣᠭᠠᠷ ᠠᠵᠢ᠍ᠯ ᠤᠨ ᠪᠠᠢ᠌ᠷᠢ ᠪᠠᠨ ᠴᠢ᠍ᠩᠭ᠎ᠠ ᠰᠠᠬᠢᠵᠤ᠂ ᠠᠵᠢ᠍ᠯ ᠶᠢᠡᠨ ᠰᠠᠢ᠌ᠲᠤᠷ ᠬᠢᠵᠦ᠂ ᠪᠣᠳ᠋ᠠᠲᠤ ᠠᠵᠢ᠍ᠯᠯᠠᠭ᠎ᠠ ᠪᠠᠷ ᠶᠢᠡᠨ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠬᠠᠷᠢ᠍ᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃

               
             2020 ᠣᠨ ᠳᠤ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶ᠎ᠠ ᠰᠢ ᠵᠢᠨ ᠫᠢᠩ ᠊ᠤᠨ ᠰᠢ᠍ᠨ᠎ᠠ ᠴᠠᠭ ᠦᠶ᠎ᠠ ᠶᠢᠨ ᠳᠤᠮᠳ᠋ᠠᠳ᠋ᠤ ᠤᠯᠤᠰ ᠤᠨ ᠣᠨᠴᠠᠯᠢ᠍ᠭ ᠲᠠᠶ ᠨᠡᠢ᠌ᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠬᠡ ᠲᠣᠭ ᠢ ᠥᠨᠳ᠋ᠥᠷ ᠮᠠᠨᠳ᠋ᠤᠭᠤᠯᠵᠤ᠂ ᠨᠠᠮ ᠤᠨ ᠠᠷᠪᠠ ᠶᠢ᠍ᠰᠦᠳ᠋ᠦᠭᠡᠷ ᠶᠡᠬᠡ ᠬᠤᠷᠠᠯ ᠪᠠ ᠠᠷᠪᠠ ᠶᠢ᠍ᠰᠤᠳ᠋ᠤᠬᠡᠷ ᠬᠤᠭᠤᠴᠠᠭᠠᠨ ᠤ ᠲᠥᠪ ᠬᠣᠷᠢ᠍ᠶᠠᠨ ᠤ ᠬᠣᠶᠠᠳ᠋ᠤᠭᠠᠷ᠂ ᠭᠤᠷᠪᠠᠳ᠋ᠤᠭᠠᠷ᠂ ᠳᠥᠷᠪᠡᠳ᠋ᠦᠭᠡᠷ ᠪᠥᠬᠥᠳ᠋ᠡ ᠬᠤᠷᠠᠯ ᠤᠨ ᠵᠣᠷᠢ᠍ᠭ ᠰᠠᠨᠠᠭ᠎ᠠ ᠶᠢ ᠪᠥᠬᠥ ᠲᠠᠯ᠎ᠠ ᠪᠠᠷ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠵᠤ᠂ ᠶᠡᠷᠦᠩᠬᠡᠶ ᠱᠦ᠋ᠵᠢ ᠰᠢ ᠶᠢᠨ ᠫᠢᠩ ᠊ᠤᠨ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠲᠦ᠋ᠷᠢ᠍ᠮ ᠢ ᠪᠠᠷᠢ᠍ᠮᠲᠠᠯᠠᠨ ᠲᠡᠭᠦᠯᠳ᠋ᠡᠷᠵᠢ᠍ᠭᠦᠯᠬᠦ ᠲᠤᠬᠠᠶ ᠴᠢ᠍ᠬᠤᠯᠠ ᠦᠵᠡᠯ ᠰᠠᠨᠠᠭ᠎ᠠ ᠪᠠ ᠥᠪᠥᠷ ᠮᠣᠩᠭ᠋ᠣᠯ ᠤᠨ ᠴᠢ᠍ᠬᠤᠯᠠ ᠶᠠᠷᠢ᠍ᠶ᠎ᠠ ᠴᠢ᠍ᠬᠤᠯᠠ ᠵᠢᠭᠠᠪᠤᠷᠢ ᠴᠣᠬᠣᠯᠠᠪᠤᠷᠢ ᠶᠢᠨ ᠵᠣᠷᠢ᠍ᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢ᠍ᠯᠠᠭᠤᠯᠵᠤ᠂ ᠬᠣᠰᠢ᠍ᠭᠤᠨ ᠨᠠᠮ ᠤᠨ ᠬᠣᠷᠢ᠍ᠶᠠᠨ ᠤ ᠠᠷᠪᠠᠨ ᠬᠣᠶᠠᠳ᠋ᠤᠭᠠᠷ ᠬᠤᠭᠤᠴᠠᠭᠠᠨ ᠤ ᠠᠷᠪᠠᠨ ᠳᠥᠷᠪᠡᠳ᠋ᠦᠭᠡᠷ ᠪᠥᠬᠥᠳ᠋ᠡ ᠬᠤᠷᠠᠯ᠂ ᠬᠣᠰᠢ᠍ᠭᠤᠨ ᠨᠠᠮ ᠤᠨ ᠬᠣᠷᠢ᠍ᠶᠠᠨ ᠤ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠠᠵᠢ᠍ᠯ ᠤᠨ ᠬᠤᠷᠠᠯ ᠤᠨ ᠪᠠᠢ᠌ᠷᠢ᠍ᠯᠠᠭᠤᠯᠤᠯᠳ᠋ᠠ ᠶᠣᠰᠣᠭᠠᠷ᠂ ᠴᠢ᠍ᠨᠡᠭᠡᠯᠢ᠍ᠭ᠌ ᠨᠡᠢ᠌ᠭᠡᠮ ᠢ ᠪᠥᠬᠥ ᠲᠠᠯ᠎ᠠ ᠪᠠᠷ ᠪᠠᠢ᠌ᠭᠤᠯᠤᠨ ᠪᠦᠲᠦᠭᠡᠬᠦ ᠬᠠᠷᠠᠯᠲᠠ ᠡᠭᠦᠷᠭᠡ ᠲᠡᠶ ᠨᠢ᠍ᠭᠲᠠ ᠤᠶᠠᠯᠳ᠋ᠤᠭᠤᠯᠤᠨ᠂ ᠰᠢ᠍ᠨ᠎ᠠ ᠬᠥᠭ᠍ᠵᠢ᠍ᠯᠲᠡ ᠶᠢᠨ ᠤᠢ᠌ᠯᠠᠭᠠᠭᠳ᠋ᠠᠬᠤᠨ ᠢ ᠪᠠᠷᠢ᠍ᠮᠲᠠᠯᠠᠵᠤ᠂ ᠰᠠᠨᠠᠭᠠᠴᠢ᠍ᠯᠠᠭ᠎ᠠ ᠡᠴᠨ ᠪᠠᠨ ᠬᠠᠷᠢ᠍ᠭᠤᠴᠠᠯᠭ᠎ᠠ ᠡᠭᠦᠷᠭᠡᠯᠡᠨ ᠵᠢᠳᠬᠦᠯ ᠴᠢ᠍ᠷᠮᠠᠢ᠌ᠯᠭ᠎ᠠ ᠭᠠᠷᠭᠠᠵᠤ᠂ ᠬᠠᠤᠯᠢ ᠶᠣᠰᠣᠭᠠᠷ ᠲᠤᠰᠢ᠍ᠶᠠᠯ ᠬᠠᠷᠢ᠍ᠭᠤᠴᠠᠯᠭ᠎ᠠ ᠪᠠᠨ ᠭᠦᠢᠴᠡᠳᠭᠡᠵᠦ᠂ ᠠᠷᠠᠳ ᠲᠦ᠋ᠮᠡᠨ ᠤ ᠡᠷᠬᠡ ᠮᠡᠳ᠋ᠡᠵᠦ ᠡᠵᠡᠨ ᠰᠠᠭᠤᠬᠤ ᠲᠦ᠋ᠷᠢ᠍ᠮ ᠊ᠤᠨ ᠪᠠᠲᠤᠯᠠᠭ᠎ᠠ ᠶᠢ ᠲᠠᠰᠤᠷᠠᠯᠲᠠ ᠥᠬᠡᠶ ᠴᠢ᠍ᠩᠭ᠋ᠠᠳᠬᠠᠨ᠂ ᠲᠦ᠋ᠷᠢ᠍ᠮ ᠊ᠤᠨ ᠳᠠᠪᠠᠭᠤᠯᠢ᠍ᠭ ᠢ  ᠨᠡᠩ ᠰᠠᠢ᠌ᠨ ᠵᠠᠰᠠᠯᠲᠠ ᠶᠢᠨ ᠦᠷ᠎ᠠ ᠪᠦᠲᠦᠮᠵᠢ ᠪᠣᠯᠭᠠᠨ ᠬᠤᠪᠢᠷᠠᠭᠤᠯᠵᠤ᠂ ᠪᠥᠬᠥ ᠬᠣᠰᠢ᠍ᠭᠤᠨ ᠤ ᠠᠵᠤ ᠠᠬᠤᠶ ᠨᠡᠢ᠌ᠭᠡᠮ ᠊ᠤᠨ ᠴᠢ᠍ᠨᠠᠷ ᠰᠠᠢ᠌ᠲᠠᠶ ᠬᠥᠭ᠍ᠵᠢ᠍ᠯᠲᠡ ᠶᠢ ᠪᠡᠶᠡᠯᠡᠬᠦᠯᠬᠦ ᠳ᠋ᠦ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠣᠶᠤᠨ ᠤᠬᠠᠭᠠᠨ ᠪᠠ ᠬᠦᠴᠦᠨ ᠴᠢ᠍ᠳ᠋ᠠᠯ ᠶᠢᠡᠨ ᠡᠷᠭᠦᠨ᠎ᠠ᠃ ᠬᠥᠭ᠍ᠵᠢ᠍ᠯᠲᠡ ᠶᠢᠨ ᠶᠡᠬᠡ ᠲᠠᠯ᠎ᠠ ᠶᠢ ᠪᠣᠳ᠋ᠣᠯᠬᠢᠯᠠᠨ᠂ ᠬᠢᠨᠠᠯᠲᠠ ᠲᠠᠯᠪᠢᠬᠤ ᠪᠣᠳ᠋ᠠᠲᠤ ᠦᠷ᠎ᠠ ᠪᠦᠲᠦᠮᠵᠢ ᠶᠢ ᠤᠯᠠᠮ ᠨᠢ᠍ᠬᠡ ᠠᠯᠬᠤᠮ ᠳᠡᠭᠡᠭ᠍ᠰᠢ᠍ᠯᠡᠭᠦᠯᠵᠦ᠂ ᠡᠳ᠋ ᠊ᠤᠨ ᠵᠠᠰᠠᠭ ᠠᠵᠤ ᠠᠬᠤᠶ ᠶᠢᠨ ᠠᠵᠢ᠍ᠯ᠂ ᠠᠷᠠᠳ ᠤᠨ ᠠᠮᠢ᠍ᠳ᠋ᠤᠷᠠᠯ ᠪᠠ ᠨᠡᠢ᠌ᠭᠡᠮ ᠊ᠤᠨ ᠠᠵᠢ᠍ᠯ ᠦᠢᠯᠡᠰ ᠊ᠤᠨ ᠬᠦᠷᠢ᠍ᠶᠡᠨ ᠳ᠋ᠡᠬᠢ ᠬᠢᠨᠠᠯᠲᠠ ᠶᠢ ᠴᠢ᠍ᠩᠭ᠋ᠠᠳᠬᠠᠵᠤ᠂ ᠠᠷᠠᠳᠴᠢ᠍ᠯᠠᠯ ᠬᠠᠤᠯᠢ ᠪᠠᠷ ᠵᠠᠰᠠᠬᠤ ᠪᠠᠢ᠌ᠭᠤᠯᠤᠯᠳ᠋ᠠ ᠶᠢᠨ ᠠᠬᠢᠴᠠ ᠶᠢ ᠠᠬᠢᠭᠤᠯᠤᠨ᠎ᠠ᠃ ᠬᠠᠷᠢ᠍ᠭᠤᠴᠠᠯᠭ᠎ᠠ ᠶᠢᠨ ᠤᠬᠠᠮᠰᠠᠷ ᠶᠢᠡᠨ ᠴᠢ᠍ᠩᠭ᠋ᠠᠳᠬᠠᠵᠤ᠂ ᠴᠢ᠍ᠬᠤᠯᠠ ᠶᠡᠬᠡ ᠬᠡᠷᠡᠭ᠌ ᠶᠠᠪᠤᠳ᠋ᠠᠯ ᠢ ᠲᠣᠭᠲᠠᠭᠠᠬᠤ ᠪᠠ ᠠᠵᠢ᠍ᠯᠳ᠋ᠠᠨ ᠢ ᠲᠣᠮᠢ᠍ᠯᠠᠬᠤ ᠪᠠ ᠪᠠᠭᠤᠯᠭᠠᠬᠤ ᠠᠵᠢ᠍ᠯ ᠢ ᠰᠠᠢ᠌ᠲᠤᠷ ᠬᠢᠵᠦ᠂ ᠲᠤᠰᠢ᠍ᠶᠠᠯ ᠬᠠᠷᠢ᠍ᠭᠤᠴᠠᠯᠭ᠎ᠠ ᠪᠠᠨ ᠭᠦᠢᠴᠡᠳᠭᠡᠨ ᠬᠠᠷᠢ᠍ᠭᠤᠴᠠᠯᠭ᠎ᠠ ᠡᠭᠦᠷᠭᠡᠯᠡᠬᠦ ᠶᠢ ᠪᠠᠷᠢ᠍ᠮᠲᠠᠯᠠᠵᠤ᠂ ᠲᠥᠯᠥᠭᠡᠯᠡᠭ᠍ᠴᠢ᠍ᠳ ᠊ᠤᠨ ᠠᠵᠢ᠍ᠯ ᠢ ᠤᠯᠠᠮ ᠨᠢ᠍ᠭᠡ ᠠᠯᠬᠤᠮ ᠭᠦᠨᠵᠡᠬᠡᠢ᠌ᠷᠡᠬᠦᠯᠵᠤ᠂ ᠲᠤᠰᠢ᠍ᠶᠠᠯ ᠬᠠᠷᠢ᠍ᠭᠤᠴᠠᠯᠭ᠎ᠠ ᠡᠭᠦᠷᠭᠡ ᠬᠠᠷᠢ᠍ᠭᠤᠴᠠᠯᠭ᠎ᠠ ᠳᠠᠭᠠᠨ ᠰᠠᠭᠤᠷᠢ᠍ᠯᠠᠨ᠂ ᠲᠤᠰ ᠪᠡᠶ᠎ᠠ ᠶᠢᠨ ᠪᠠᠢ᠌ᠭᠤᠯᠤᠯᠳ᠋ᠠ ᠪᠠᠨ ᠤᠯᠠᠮ ᠨᠢ᠍ᠭᠡ ᠠᠯᠬᠤᠮ ᠴᠢ᠍ᠩᠭ᠋ᠠᠳᠬᠨ᠎ᠠ ᠬᠡᠵᠡᠢ᠃

             
             ᠪᠠᠶᠠᠨᠰᠠᠩ ᠬᠠᠮᠤᠭ ᠰᠡᠭᠦᠯ ᠳ᠋ᠦ ᠬᠡᠯᠡᠭ᠍ᠰᠡᠨ ᠨᠢ᠂ ᠪᠢᠳ᠋ᠡ ᠬᠣᠰᠢ᠍ᠭᠤᠨ ᠨᠠᠮ ᠤᠨ ᠬᠣᠷᠢ᠍ᠶᠠᠨ ᠤ ᠪᠠᠲᠤ ᠴᠢ᠍ᠩᠭ᠎ᠠ ᠤᠳ᠋ᠤᠷᠢ᠍ᠳ᠋ᠤᠯᠭ᠎ᠠ ᠳᠣᠣᠷ᠎ᠠ᠂ ᠰᠢ᠍ᠨ᠎ᠠ ᠴᠠᠭ ᠦᠶ᠎ᠠ ᠶᠢᠨ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠳᠤ ᠣᠯᠭᠣᠭᠰᠠᠨ ᠲᠡᠦᠬᠡᠲᠦ ᠡᠭᠦᠷᠭᠡ ᠶᠢ ᠤᠬᠠᠮᠰᠠᠷ ᠡᠴᠡ ᠪᠠᠨ ᠡᠭᠦᠷᠭᠡᠯᠡᠵᠦ᠂ ᠰᠢ᠍ᠨ᠎ᠠ ᠬᠠᠷᠠᠯᠲᠠ ᠳᠤ ᠠᠩᠬᠠᠷᠤᠯ ᠶᠢᠡᠨ ᠲᠥᠪᠯᠡᠷᠡᠭᠦᠯᠵᠦ᠂ ᠰᠢ᠍ᠨ᠎ᠠ ᠪᠠᠢ᠌ᠷᠢ᠍ᠯᠠᠭᠤᠯᠤᠯᠳ᠋ᠠ ᠶᠢ ᠨᠠᠢᠳᠠᠪᠦᠷᠢᠵᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢ᠍ᠭᠤᠴᠠᠯᠭ᠎ᠠ ᠪᠠᠨ ᠭᠦᠢ᠍ᠴᠡᠳᠬᠡᠨ᠂ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ ᠤᠨ ᠠᠵᠢ᠍ᠯ ᠤᠨ ᠴᠠᠭ ᠦᠶ᠎ᠠ ᠲᠡᠶ ᠵᠡᠷᠭᠡ ᠪᠡᠷ ᠤᠷᠤᠭᠰᠢ᠍ᠯᠠᠬᠤ᠂ ᠲᠡᠭᠦᠯᠳ᠋ᠡᠷᠵᠢ᠍ᠨ ᠬᠥᠭ᠍ᠵᠢ᠍ᠬᠦ ᠶᠢ ᠴᠢ᠍ᠷᠮᠠᠢ᠌ᠨ ᠠᠬᠢᠭᠤᠯᠵᠤ᠂ ᠪᠦᠬᠦ ᠬᠣᠰᠢ᠍ᠭᠤᠨ ᠤ ᠠᠵᠤ ᠠᠬᠤᠢ ᠨᠡᠢ᠌ᠭᠡᠮ ᠊ᠤᠨ ᠴᠢ᠍ᠨᠠᠷ ᠰᠠᠢ᠌ᠳ᠋ᠠᠢ ᠬᠥᠭ᠍ᠵᠢ᠍ᠯᠲᠡ ᠪᠠ ᠠᠷᠠᠳᠴᠢ᠍ᠯᠠᠯ ᠬᠠᠤᠯᠢ᠍ᠵᠢ᠍ᠯ ᠤᠨ ᠪᠠᠢ᠌ᠭᠤᠯᠤᠯᠲᠠ ᠳᠤ ᠨᠠᠩ ᠶᠡᠬᠡ ᠰᠢ᠍ᠨ᠎ᠠ ᠬᠤᠪᠢ ᠨᠡᠮᠡᠷᠢ ᠦᠵᠡᠬᠦᠯᠦᠶ᠎ᠠ ᠬᠡᠵᠡᠢ ︕

            

              
            ᠬᠤᠷᠠᠯ ᠡᠴᠡ ᠪᠠᠰᠠ ᠬᠣᠰᠢ᠍ᠭᠤᠨ ᠤ ᠠᠷᠠᠳ ᠤᠨ ᠰᠢ᠍ᠭᠦᠬᠦ ᠬᠣᠷᠢ᠍ᠶᠠᠨ ᠤ ᠳᠠᠷᠤᠭ᠎ᠠ ᠶᠠᠩ ᠭᠧ ᠬᠤᠸᠠ ᠶᠢᠨ ᠬᠢᠭ᠍ᠰᠡᠨ《ᠵᠠᠷᠤᠳ ᠬᠣᠰᠢ᠍ᠭᠤᠨ ᠤ ᠠᠷᠠᠳ ᠤᠨ ᠰᠢ᠍ᠭᠦᠬᠦ ᠬᠣᠷᠢ᠍ᠶᠠᠨ ᠤ ᠠᠵᠢ᠍ᠯ ᠤᠨ ᠮᠡᠳ᠋ᠡᠬᠦᠯᠤᠯᠳ᠋ᠠ》 ᠪᠣᠯᠤᠨ ᠬᠣᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶᠠᠨ ᠤ ᠪᠠᠢ᠌ᠴᠠᠭᠠᠬᠤ ᠳᠠᠷᠤᠭ᠎ᠠ ᠳ᠋ᠧᠩ ᠭᠤᠸᠠᠩ ᠹᠧᠩ ᠊ᠤᠨ ᠬᠢᠭ᠍ᠰᠡᠨ 《ᠵᠠᠷᠤᠳ ᠬᠣᠰᠢ᠍ᠭᠤᠨ ᠤ ᠠᠷᠠᠳ ᠤᠨ ᠪᠠᠢ᠌ᠴᠠᠭᠠᠬᠤ ᠬᠣᠷᠢ᠍ᠶᠠᠨ ᠤ ᠠᠵᠢ᠍ᠯ ᠤᠨ ᠮᠡᠳ᠋ᠡᠬᠦᠯᠤᠯᠳ᠋ᠠ》 ᠶᠢ ᠰᠣᠨᠣᠰᠪᠠ᠃

            

            

            
             ᠬᠣᠶᠠᠳ᠋ᠤᠭᠠᠷ ᠤᠳ᠋ᠠᠭᠠᠨ ᠤ ᠪᠥᠬᠥᠳ᠋ᠡ ᠬᠤᠷᠠᠯ ᠤᠨ ᠲᠠᠷᠠᠭ᠎ᠠ᠂ ᠡᠯ᠎ᠠ ᠲᠥᠯᠥᠭᠡᠯᠡᠭ᠍ᠴᠢ᠍ᠳ ᠊ᠤᠨ ᠪᠦᠯᠬᠦᠮ ᠠᠷᠠᠳ ᠤᠨ ᠲᠥᠯᠥᠭᠡᠯᠡᠭ᠍ᠴᠢ᠍ᠳ ᠊ᠤᠨ ᠶᠡᠬᠡ ᠬᠤᠷᠠᠯ᠂ ᠰᠢ᠍ᠭᠦᠬᠦ ᠬᠣᠷᠢ᠍ᠶ᠎ᠠ ᠪᠠᠢ᠌ᠴᠠᠭᠠᠬᠤ ᠬᠣᠷᠢ᠍ᠶᠠᠨ ᠤ ᠠᠵᠢ᠍ᠯ ᠤᠨ ᠮᠡᠳ᠋ᠡᠬᠦᠯᠤᠯᠳ᠋ᠠ ᠪᠠ ᠠᠷᠠᠳ ᠤᠨ ᠠᠮᠢ᠍ᠳ᠋ᠤᠷᠠᠯ ᠤᠨ ᠪᠣᠳ᠋ᠠᠲᠤ ᠶᠠᠪᠤᠳ᠋ᠠᠯ ᠤᠨ ᠲᠦ᠋ᠷᠦᠯ ᠵᠦ᠋ᠢ᠍ᠯ ᠊ᠤᠨ ᠠᠷᠠᠳ ᠤᠨ ᠶᠡᠬᠡ ᠬᠤᠷᠠᠯ ᠤᠨ ᠲᠥᠯᠥᠭᠡᠯᠡᠭ᠍ᠴᠢ᠍ᠳ ᠊ᠤᠨ ᠲᠥᠯᠥᠭᠡᠯᠡᠭ᠍ᠴᠢ ᠶᠢᠨ ᠪᠢᠯᠸᠲ ᠥᠭ᠍ᠴᠦ ᠲᠠᠰᠤᠯᠬᠤ ᠠᠷᠭ᠎ᠠ (ᠲᠥᠰᠦᠯ) ᠵᠢ ᠲᠤᠰ ᠲᠤᠰ ᠬᠢᠨᠠᠨ ᠵᠦ᠋ᠪᠯᠡᠪᠡ ᠵᠢᠱᠢ᠍ᠭ᠍ᠳ᠋ᠡᠭ᠍ᠰᠡᠳ ᠊ᠤᠨ ᠰᠠᠨᠠᠭᠤᠯᠭ᠎ᠠ ᠶᠢᠨ ᠨᠡᠷᠡᠰ᠂ ᠰᠣᠩᠭ᠋ᠣᠭᠤᠯᠢ ᠶᠢᠨ ᠠᠷᠭ᠎ᠠ (ᠲᠥᠰᠦᠯ) ᠶᠢ ᠶᠠᠷᠢ᠍ᠯᠴᠠᠪᠠ᠃


ᠡᠮᠦᠨᠡᠬᠢ᠄ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠷᠪᠡᠳ᠋ᠣᠭᠡᠷ ᠬᠤᠷᠠᠯᠳ᠋ᠤᠭᠠᠨ ᠤ ᠪᠡᠯᠡᠳᠬᠡᠯ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠷᠪᠡᠳ᠋ᠣᠭᠡᠷ ᠬᠤᠷᠠᠯᠳ᠋ᠤᠭᠠᠨ ᠤ ᠲᠡᠷᠢ᠍ᠭᠦᠯᠡᠭ᠍ᠴᠢ᠍ᠳ ᠤᠨ ᠪᠦᠯᠬᠦᠮ ᠤᠨ ᠠᠩᠬᠠᠳ᠋ᠤᠭᠠᠷ ᠬᠤᠷᠠᠯ ᠬᠤᠷᠠᠯᠳ᠋ᠤᠪᠠ