ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ᠁
ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠦ᠋ᠷᠪᠡᠳ᠋ᠦᠭᠡᠷ ᠬᠤᠷᠠᠯᠳ᠋ᠤᠭᠠᠨ ᠳᠤ ᠣᠷᠣᠯᠴᠠᠬᠤ ᠠᠷᠠᠳ ᠤᠨ ᠲᠥᠯᠥᠭᠡᠯᠡᠭ᠍ᠴᠢ᠍ᠳ ᠨᠡᠷ᠎ᠠ ᠮᠡᠳ᠋ᠡᠭᠦᠯᠵᠡᠭᠡᠪᠡ

 


ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠦ᠋ᠷᠪᠡᠳ᠋ᠦᠭᠡᠷ ᠬᠤᠷᠠᠯᠳ᠋ᠤᠭᠠᠨ 4 ᠰᠠᠷ᠎ᠠ ᠶᠢᠨ 26᠋ ᠤ ᠡᠳ᠋ᠦᠷ ᠬᠤᠷᠠᠯᠳ᠋ᠤᠬᠤ ᠪᠡᠷ ᠪᠠᠢᠨ᠎ᠡ᠃ 4 ᠰᠠᠷ᠎ᠠ ᠶᠢᠨ 25᠋ ᠤ ᠡᠳ᠋ᠦᠷ ᠦᠨ ᠦᠳ᠋ᠡ ᠶᠢᠨ ᠬᠣᠢᠨᠠᠬᠢ 2 ᠴᠠᠭ ᠡᠴᠨ ᠬᠤᠷᠠᠯ ᠳ᠋ᠥ ᠣᠷᠣᠯᠴᠠᠬᠤ ᠲᠥᠯᠥᠭᠡᠯᠡᠭ᠍ᠴᠢ᠍ᠳ ᠨᠡᠷ᠎ᠠ ᠮᠡᠳ᠋ᠡᠬᠦᠯᠵᠦ ᠡᠬᠢᠯᠡᠪᠡ᠃


ᠨᠡᠷ᠎ᠠ ᠮᠡᠳ᠋ᠡᠭᠦᠯᠬᠦ ᠭᠠᠵᠠᠷ ᠲᠣ᠂ ᠠᠷᠠᠳ ᠤᠨ ᠲᠦ᠋ᠯᠦᠭᠡᠯᠡᠭ᠍ᠴᠢ᠍ᠳ ᠢ ᠡᠷᠬᠡᠪᠡᠰᠢ ᠪᠡᠶ᠎ᠠ ᠶᠢᠨ ᠳᠤᠯᠠᠭᠠᠨ ᠢ ᠭᠡᠮᠵᠢᠨ᠂ ᠭᠠᠷ ᠢ ᠨᠢ ᠰᠫᠢᠷᠲ ᠶᠢᠡᠷ ᠠᠷᠢ᠍ᠭᠤᠳᠬᠠᠵᠤ᠂ ᠠᠮᠠᠪᠴᠢ ᠵᠡᠭᠦᠪᠡᠯ ᠰᠠ‍‌ᠶᠢ ᠲᠤᠳ᠋ᠤᠭᠰᠢ ᠪᠠᠨ ᠤᠷᠤᠭᠤᠯᠵᠦ ᠨᠡᠷ᠎ᠠ ᠮᠡᠳ᠋ᠡᠭᠦᠯᠬᠦ ᠭᠠᠷ ᠭᠦᠢ᠍ᠴᠡᠳᠭᠡᠯ ᠬᠢᠯᠭᠡᠨ᠎ᠡ᠃ ᠲᠤᠬᠠᠢ ᠶᠢᠨ ᠲᠠᠯᠠᠪᠤᠷ ᠲᠣ᠂ ᠠᠷᠠᠳ ᠤᠨ ᠲᠦ᠋ᠯᠦᠭᠡᠯᠡᠭ᠍ᠴᠢ᠍ᠳ ᠤᠨ ᠠᠵᠢ᠍ᠯᠳ᠋ᠠᠨ ᠤ ᠵᠢᠯᠤᠭᠤᠳ᠋ᠤᠯᠭ᠎ᠠ ᠲᠤᠤᠷ᠎ᠠ᠂ᠲᠦᠯᠤᠭᠡᠯᠡᠭᠴᠢᠳ ᠨᠢ᠍ᠭᠡ ᠨᠢ᠍ᠭᠡᠳ ᠶᠢᠡᠷ ᠨᠡᠷ᠎ᠠ ᠪᠡᠨ ᠪᠦᠷᠢ᠍ᠳᠬᠡᠭᠦᠯᠵᠦ᠂ ᠮᠡᠳ᠋ᠡᠭᠡ ᠵᠠᠩᠭᠢ ᠪᠠᠨ ᠬᠠᠷᠭᠤᠭᠤᠯᠤᠭᠤᠯᠵᠦ᠂ ᠭᠡᠷᠡᠴᠢ ᠦᠨᠡᠮᠯᠡᠯ ᠪᠤᠯᠤᠨ ᠬᠣᠶᠠᠷ ᠬᠤᠷᠠᠯ ᠤᠨ ᠮᠠᠲ᠋ᠧᠷᠢ᠍ᠶᠠᠯ ᠶᠢᠡᠨ ᠠᠪᠴᠤ᠂ ᠨᠡᠷ᠎ᠠ ᠮᠡᠳ᠋ᠡᠭᠦᠯᠬᠦ ᠠᠵᠢ᠍ᠯ ᠡᠮᠬᠢ ᠵᠢᠷᠤᠮ ᠲᠠᠶ ᠶᠠᠪᠤᠭᠳ᠋ᠠᠵᠤ ᠪᠠᠢ᠌ᠯ᠎ᠠ᠃


ᠤᠢ᠌ᠯᠠᠭᠠᠭᠰᠠᠨ ᠶᠢᠡᠷ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠯᠦᠭᠡᠯᠡᠭ᠍ᠴᠢ ᠨᠡᠷ ᠣᠯᠠᠨ ᠲᠦ᠋ᠮᠡᠨ ᠤ《ᠣᠷᠣᠯᠠᠨ ᠥᠭᠦᠯᠡᠭ᠍ᠴᠢ》ᠪᠣᠯᠤᠭᠰᠠᠨ ᠤ ᠬᠤᠪᠢ ᠳᠤ᠂ᠬᠤᠷᠠᠯ ᠡᠴᠡ ᠡᠮᠦᠨ᠎ᠠ ᠶᠡᠬᠡ ᠬᠡᠮᠵᠢ᠍ᠶᠡᠨ ᠤ ᠴᠠᠭ ᠵᠠᠷᠤᠴᠠᠭᠤᠯᠵᠦ᠂ ᠦᠨᠳ᠋ᠦᠰᠦᠨ ᠱᠠᠲᠤᠨ ᠳ᠋ᠥ ᠭᠦᠨᠵᠡᠭᠡᠢ᠌ᠷᠡᠨ ᠪᠠᠢ᠌ᠴᠠᠭᠠᠨ ᠰᠤᠳ᠋ᠤᠯᠤᠯᠲᠠ ᠬᠢᠵᠦ᠂ ᠠᠷᠠᠳ ᠤᠯᠠᠨ ᠤ ᠦᠢ᠍ᠯᠡᠳᠪᠦᠷᠢ᠍ᠯᠡᠯ ᠠᠮᠢ᠍ᠳ᠋ᠤᠷᠠᠯ ᠲᠡᠶ ᠨᠢ᠍ᠭᠲᠠ ᠬᠤᠯᠪᠤᠭᠳ᠋ᠠᠬᠤ ᠰᠠᠨᠠᠯ ᠵᠦ᠋ᠪᠯᠡᠯᠭᠡ ᠶᠢ ᠮᠠᠰᠢ ᠤᠠᠯᠨ ᠪᠡᠯᠡᠳᠭᠡᠰᠡᠨ ᠪᠠᠢᠨ᠎᠎ᠡ᠃

 

ᠡᠮᠦᠨᠡᠬᠢ᠄ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠷᠪᠡᠳ᠋ᠣᠭᠡᠷ ᠬᠤᠷᠠᠯᠳ᠋ᠤᠭᠠᠨ ᠤ ᠲᠡᠷᠢ᠍ᠭᠦᠯᠡᠭ᠍ᠴᠢ᠍ᠳ ᠤᠨ ᠪᠦᠯᠬᠦᠮ ᠤᠨ ᠠᠩᠬᠠᠳ᠋ᠤᠭᠠᠷ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠦ᠋ᠷᠪᠡᠳ᠋ᠦᠭᠡᠷ ᠬᠤᠷᠠᠯᠳ᠋ᠤᠭᠠᠨ ᠤ ᠲᠡᠷᠢ᠍ᠭᠦᠯᠠᠭ᠍ᠴᠢᠳ ᠤᠨ ᠪᠦᠯᠬᠦᠮ ᠦᠨ ᠬᠣᠶᠠᠳ᠋ᠤᠭᠠᠷ ᠬᠤᠷᠠᠯ ᠬᠤᠷᠠᠯᠳ᠋ᠤᠪᠠ