ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠪᠠᠢᠭᠤᠯᠭ᠎ᠠ ᠲᠠᠪᠤᠨ ᠰᠠᠷ ᠠ ᠶᠢᠨ ᠨᠢᠭᠡᠨ ᠊ᠤ ᠬᠤᠭᠤᠴᠠᠭᠠᠨ ᠳᠠᠬᠢ ᠠᠵᠢᠯ ᠤᠨ ᠪᠠᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ

4 ᠰᠠᠷ᠎ᠠ ᠶᠢᠨ 30 ᠊ᠤ ᠡᠳᠦᠷ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠪᠠᠢᠭᠤᠯᠭ᠎ᠠ 《 5 · 1》᠊ᠤ ᠬᠤᠭᠤᠴᠠᠭᠠᠨ ᠳᠠᠬᠢ ᠠᠵᠢᠯ ᠤᠨ ᠪᠠᠢᠷᠢᠯᠠᠭᠤᠯᠤᠯᠲᠠ ᠶᠢᠨ ᠬᠤᠷᠠᠯ ᠬᠢᠵᠦ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠬᠤᠷᠠᠯ ᠳᠤ ᠣᠷᠣᠯᠴᠠᠪᠠ ᠃

ᠬᠤᠷᠠᠯ ᠠᠴᠠ ᠡᠩ ᠲᠡᠷᠢᠭᠦᠨ ᠳᠦ ᠬᠣᠰᠢᠭᠤᠨ ᠊ᠤ ᠲᠣᠰᠬᠣᠨ ᠳᠤ ᠰᠠᠭᠤᠬᠤ ᠠᠵᠢᠯ ᠤᠨ ᠤᠳᠤᠷᠢᠳᠬᠤ ᠳᠤᠭᠤᠢᠯᠠᠩ ᠤᠨ ᠠᠯᠪᠠᠨ ᠬᠡᠷ ᠦᠨ 《 5 · 1 》 ᠊ᠤ ᠠᠮᠠᠷᠠᠯᠲᠠ ᠶᠢᠨ ᠬᠤᠭᠤᠴᠠᠭᠠᠨ ᠳᠤ ᠲᠣᠰᠬᠣᠨ ᠳᠤ ᠰᠠᠭᠤᠬᠤ ᠠᠵᠢᠯ ᠵᠢᠴᠢ ᠳᠠᠭᠠᠭᠠᠴᠢᠯᠠᠨ ᠬᠣᠯᠪᠣᠭᠠᠯᠠᠵᠤ ᠬᠠᠪᠰᠤᠷᠤᠨ ᠲᠡᠳᠬᠦᠬᠦ ᠠᠵᠢᠯ ᠢ ᠬᠡᠪ ᠶᠢᠡᠷ ᠥᠷᠨᠢᠭᠦᠯᠬᠦ ᠲᠤᠬᠠᠶ ᠮᠡᠳᠡᠭᠳᠡᠯ ᠢ ᠤᠯᠠᠮᠵᠢᠯᠠᠪᠠ ᠃ ᠬᠤᠷᠠᠯ ᠠᠴᠠ ᠱᠠᠭᠠᠷᠳᠠᠭᠰᠠᠨ ᠨᠢ ᠂ ᠮᠡᠳᠡᠭᠳᠡᠯ ᠦᠨ ᠱᠠᠭᠠᠷᠳᠠᠯᠭ᠎ᠠ ᠶᠣᠰᠣᠭᠠᠷ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠂ ᠬᠠᠪᠰᠤᠷᠤᠨ ᠲᠡᠳᠬᠦᠬᠦ ᠰᠠᠯᠠᠭᠠᠨ ᠲᠠᠰ ᠤᠨ ᠺᠠᠳ᠋ᠷ ᠲᠠᠨᠢᠯᠲᠠ ᠪᠠᠨ ᠳᠡᠭᠡᠭᠰᠢᠯᠡᠭᠦᠯᠵᠦ ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠂ ᠬᠦᠴᠢᠷ ᠪᠡᠷᠬᠡᠰᠢᠶᠡᠯ ᠢ ᠢᠯᠠᠨ ᠳᠠᠪᠠᠬᠤ ᠠᠵᠢᠯ ᠤᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠰᠠᠢᠢᠲᠤᠷ ᠬᠢᠬᠦ ᠦᠵᠡᠯ ᠰᠠᠨᠠᠭᠠᠨ ᠤ ᠤᠬᠠᠮᠰᠠᠷ ᠂ ᠠᠵᠢᠯᠯᠠᠭᠠᠨ ᠤ ᠤᠬᠠᠮᠰᠠᠷ ᠶᠢᠠᠨ ᠤᠯᠠᠮ ᠨᠢᠭᠡ ᠠᠯᠬᠤᠮ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ ᠤ ᠢᠯᠠᠯᠲᠠ ᠶᠢ ᠤᠯᠬᠤ ᠢᠲᠡᠭᠡᠯ ᠵᠣᠷᠢᠭ ᠪᠠ ᠡᠷᠴᠢ ᠵᠣᠷᠢᠭ ᠶᠢᠠᠨ ᠪᠠᠲᠤᠳᠬᠠᠵᠤ ᠂ ᠨᠠᠩ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠢᠳᠠᠯ ᠶᠢᠠᠨ ᠪᠠᠲᠤᠳᠬᠠᠵᠤ ᠂ ᠪᠥᠬᠥ ᠰᠡᠳᠬᠢᠯ ᠪᠥᠬᠥ ᠵᠣᠷᠢᠭ ᠶᠢᠠᠷ ᠶᠢᠠᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ ᠳᠤ ᠣᠷᠣᠯᠴᠠᠵᠤ ᠂ ᠰᠡᠭᠦᠯ ᠬᠤᠷᠢᠶᠠᠬᠤ ᠱᠠᠲᠤᠨ ᠤ ᠡᠯ᠎ᠡ ᠵᠦᠢᠯ ᠦᠨ ᠠᠵᠢᠯ ᠢ ᠪᠥᠬᠥ ᠬᠦᠴᠦᠨ ᠶᠢᠠᠷ ᠶᠢᠠᠨ ᠰᠠᠢᠲᠤᠷ ᠬᠢᠬᠦ ᠬᠡᠷᠡᠭᠲᠡᠶ ᠃
ᠬᠤᠷᠠᠯ ᠠᠴᠠ ᠪᠠᠰᠠ ᠪᠠᠶᠠᠷ ᠤᠨ ᠡᠳᠦᠷ ᠦᠨ ᠬᠤᠭᠤᠴᠠᠭᠠᠨ ᠳᠠᠬᠢ ᠵᠢᠵᠢᠭᠦᠷᠯᠡᠵᠦ ᠬᠣᠨᠣᠭᠯᠠᠬᠤ ᠵᠢᠴᠢ ᠬᠢᠵᠢᠭ᠌ ᠊ᠢ ᠰᠡᠷᠭᠡᠢᠯᠡᠨ ᠬᠢᠵᠠᠭᠠᠷᠯᠠᠬᠤ ᠵᠡᠷᠭᠡ ᠠᠵᠢᠯ ᠢ ᠲᠤᠬᠢᠷᠠᠭᠤᠯᠵᠦ ᠪᠠᠢᠷᠢᠯᠠᠭᠤᠯᠪᠠ᠃