ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠤᠳᠤᠷᠢᠳᠤᠯᠭ᠎ᠠ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠲᠣᠬᠣᠨᠢᠭᠤᠯᠪᠠ

5 ᠰᠠᠷ᠎ᠠ ᠶᠢᠨ 1 ᠦ ᠡᠳᠦᠷ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠯᠢ ᠴᠧᠩ ᠭᠦᠸᠧ ᠠᠯᠪᠠᠨ ᠬᠡᠷ ᠂ ᠪᠠᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠦ ᠲᠥᠪ ᠦᠨ ᠠᠵᠢᠯᠲᠠᠨ ᠢ ᠳᠠᠭᠠᠭᠤᠯᠤᠨ ᠂ ᠪᠠᠶᠠᠷᠳᠤᠬᠤᠰᠢᠭᠤ ᠪᠠᠯᠭᠠᠰᠤᠨ ᠤ ᠬᠤᠪᠤᠯᠲᠤ ᠭᠠᠴᠠᠭ᠎ᠠ ᠳᠤ ᠬᠦᠷᠴᠦ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠲᠣᠰᠬᠣᠨ ᠳᠤ ᠰᠠᠭᠤᠭ᠎ᠠ ᠠᠵᠢᠯᠯᠠᠬᠤ ᠭᠡᠰᠢᠭᠦᠳ ᠢ ᠪᠣᠯᠭᠣᠭᠠᠨ ᠲᠣᠬᠣᠨᠢᠭᠤᠯᠤᠭᠰᠠᠨ ᠪᠥᠭᠡᠳ ᠲᠡᠳᠡᠨ ᠳᠦ ᠠᠯᠪᠠᠨ ᠬᠡᠷ ᠪᠠ ᠠᠮᠢᠳᠤᠷᠠᠯ ᠤᠨ ᠡᠳ᠋ ᠪᠣᠳᠠᠰ ᠬᠦᠷᠭᠡᠵᠦ ᠥᠭᠴᠡᠶ ᠃

ᠯᠢ ᠴᠧᠩ ᠭᠦᠸᠧ ᠨᠡᠷ ᠬᠤᠪᠤᠯᠲᠤ ᠭᠠᠴᠠᠭᠠᠨ ᠤ ᠶᠠᠳᠠᠭᠤ ᠶᠢ ᠲᠡᠳᠬᠦᠬᠦ ᠠᠵᠢᠯ ᠤᠨ ᠠᠬᠢᠴᠠ ᠶᠢᠨ ᠪᠠᠢᠳᠠᠯ ᠂ ᠣᠷᠣᠰᠢᠵᠤ ᠪᠠᠢᠬᠤ ᠬᠦᠴᠢᠷᠳᠡᠯ ᠪᠣᠯᠤᠨ ᠠᠰᠠᠭᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠪᠠᠶᠠᠷ ᠤᠨ ᠡᠳᠦᠷ ᠦᠨ ᠵᠥᠩᠨᠡᠯ ᠳᠡᠪᠰᠢᠭᠦᠯᠵᠡᠶ ᠃ ᠡᠭᠦᠨ ᠦ ᠬᠠᠮᠲᠤ ᠂ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠂ ᠬᠦᠴᠢᠷ ᠢ ᠲᠤᠭᠤᠯᠤᠨ ᠪᠡᠷᠬᠡ ᠶᠢ ᠳᠠᠪᠠᠬᠤ ᠠᠵᠢᠯ ᠤᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ ᠂ ᠰᠢᠢᠳᠪᠦᠷᠢᠲᠦ ᠳᠠᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠵᠣᠷᠢᠭ ᠰᠠᠨᠠᠭᠠᠨ ᠤ ᠳᠦᠷᠰᠦ ᠪᠠᠢᠳᠠᠯ ᠢ ᠪᠠᠲᠤᠯᠠᠵᠤ ᠂ ᠡᠴᠦᠰ ᠦᠨ ᠱᠠᠲᠤᠨ ᠤ ᠡᠯ᠎ᠡ ᠵᠦᠢᠯ ᠦᠨ ᠠᠵᠢᠯ ᠢ ᠪᠦᠬᠦ ᠬᠦᠴᠦᠨ ᠢᠶᠡᠷ ᠢᠶᠡᠨ ᠰᠠᠢᠲᠤᠷ ᠬᠢᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃