ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ᠁
ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠤᠳᠤᠷᠢᠳᠤᠯᠭ᠎ᠠ ᠵᠢᠴᠢ ᠰᠠᠯᠠᠭᠠᠨ ᠲᠡᠰ ᠤᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠰᠤᠮᠤ ᠪᠠᠯᠭᠠᠰᠤ ᠲᠠᠯᠠᠪᠠᠢ ᠳᠤ ᠬᠦᠷᠴᠦ ᠠᠵᠢᠯ ᠥᠷᠨᠢᠭᠦᠯᠪᠡ

           

         ᠬᠤᠰᠢᠭᠤᠨ ᠨᠠᠮ ᠤᠨ ᠬᠣᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠬᠤᠰᠢᠭᠤᠨ ᠊ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠤᠳᠤᠷᠢᠳᠤᠯᠭ᠎ᠠ ᠵᠢᠴᠢ ᠰᠠᠯᠠᠭᠠᠨ ᠤ ᠲᠡᠰ ᠤᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠲᠠᠶ ᠬᠥᠮᠦᠰ ᠲᠣᠰᠪᠣᠷᠢ ᠳᠠᠭᠠᠭᠠᠴᠢᠯᠠᠨ ᠬᠤᠯᠪᠤᠭᠠᠯᠠᠵᠦ ᠪᠠᠢᠬᠤ ᠰᠤᠮᠤ ᠪᠠᠯᠭᠠᠰᠤ ᠲᠠᠯᠠᠪᠠᠢ ᠪᠠ ᠭᠠᠴᠠᠭ᠎ᠠ ᠲᠤᠰᠬᠤᠨ ᠳᠦ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠮᠦᠰ ᠦᠨ ᠣᠷᠣᠰᠢᠨ ᠰᠠᠭᠤᠬᠤ ᠣᠷᠴᠢᠨ ᠲᠣᠭᠣᠷᠢᠨ  ᠢ ᠴᠡᠭᠴᠡᠯᠡᠨ ᠵᠠᠰᠠᠬᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠣᠳᠣᠬᠠᠨ ᠤ ᠭᠣᠣᠯᠳᠠᠯᠭ᠎ᠠ ᠲᠠᠶ ᠠᠵᠢᠯ ᠢ ᠦᠷᠨᠢᠭᠦᠯᠪᠡ᠃

           

       ᠬᠦᠷᠦᠭᠰᠡᠨ ᠭᠠᠵᠠᠷ ᠪᠦᠷᠢ ᠳᠦ᠂ ᠪᠠᠶᠠᠨᠰᠠᠩ ᠵᠡᠷᠭᠡ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠤᠳᠤᠷᠢᠳᠤᠯᠭ᠎ᠠ ᠴᠥᠮ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠲᠣᠰᠬᠣᠨ ᠳᠤ ᠰᠠᠭᠤᠭ᠎ᠠ ᠠᠵᠢᠯᠯᠠᠬᠤ ᠠᠩᠬᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠮᠦᠰ ᠦᠨ ᠣᠷᠣᠰᠢᠨ ᠰᠠᠭᠤᠬᠤ ᠣᠷᠴᠢᠨ ᠲᠣᠭᠣᠷᠢᠨ ᠢ ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠪᠠᠢᠳᠠᠯ ᠵᠢᠴᠢ ᠮᠠᠯᠴᠢᠨ ᠲᠠᠷᠢᠶᠠᠴᠢᠨ ᠢ ᠳᠠᠢᠢᠴᠢᠯᠠᠨ ᠬᠦᠷᠢᠶᠡᠨ ᠦ ᠠᠵᠤ ᠠᠬᠤᠢ ᠶᠢ ᠬᠥᠭᠵᠢᠭᠦᠯᠦᠭᠰᠡᠨ ᠪᠠᠢᠳᠠᠯ  ᠢ ᠨᠠᠷᠢᠨ ᠬᠢᠨᠠᠮᠠᠭᠠᠢ ᠰᠣᠨᠣᠰᠴᠤ᠂ ᠣᠳᠣᠬᠠᠨ ᠳᠤ ᠣᠷᠣᠰᠢᠵᠤ ᠪᠠᠢᠭ᠎ᠠ ᠠᠰᠠᠭᠤᠳᠠᠯ ᠪᠠ ᠴᠡᠭᠴᠡᠯᠡᠨ ᠰᠠᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠠᠰᠠᠭᠤᠨ ᠯᠠᠪᠯᠠᠭᠰᠠᠨ ᠪᠥᠭᠡᠳ ᠶᠠᠳᠠᠭᠤ ᠬᠦᠴᠢᠷᠳᠡᠯᠲᠡᠢ ᠤᠯᠠᠨ ᠲᠦᠮᠡᠨ ᠢ ᠡᠷᠬᠢᠨ ᠦᠵᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠂ ᠲᠣᠰᠬᠣᠨ ᠳᠤ ᠰᠠᠭᠤᠭ᠎ᠠ ᠠᠵᠢᠯᠯᠠᠬᠤ ᠠᠩᠬᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠢᠳᠠᠯ  ᠢ ᠱᠠᠯᠠᠪᠳᠠᠭᠤᠯᠤᠨ ᠵᠢᠯᠣᠭᠣᠳᠪᠠ᠃

ᠡᠮᠦᠨᠡᠬᠢ᠄ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠤᠳᠤᠷᠢᠳᠤᠯᠭ᠎ᠠ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠲᠣᠬᠣᠨᠢᠭᠤᠯᠪᠠ
ᠳᠠᠷᠠᠭᠠᠬᠢ᠄ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠬᠥᠳᠡᠭᠡ ᠪᠠᠭᠤᠵᠤ ᠣᠷᠣᠰᠢᠨ ᠰᠠᠭᠤᠬᠤ ᠣᠷᠴᠢᠨ ᠲᠣᠭᠣᠷᠢᠨ ᠢ ᠶᠡᠷᠦᠩᠬᠡᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ