ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠬᠥᠳᠡᠭᠡ ᠪᠠᠭᠤᠵᠤ ᠣᠷᠣᠰᠢᠨ ᠰᠠᠭᠤᠬᠤ ᠣᠷᠴᠢᠨ ᠲᠣᠭᠣᠷᠢᠨ ᠢ ᠶᠡᠷᠦᠩᠬᠡᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ

ᠬᠣᠰᠢᠭᠤᠨ ᠤ ᠨᠠᠮ ᠤᠨ ᠬᠣᠷᠢᠶᠠᠨ ᠤ ᠣᠷᠣᠰᠢᠨ ᠰᠠᠭᠤᠬᠤ ᠣᠷᠴᠢᠨ ᠲᠣᠭᠣᠷᠢᠨ ᠢ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ ᠂ 5 ᠰᠠᠷ᠎ᠠ ᠶᠢᠨ 5 ᠤ ᠡᠳᠦᠷ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠶ ᠵᠣᠬᠢᠶᠠᠨ ᠪᠠᠢᠭᠤᠯᠵᠤ ᠪᠠᠶᠠᠷᠲᠤᠬᠣᠰᠢᠭᠤ ᠪᠠᠯᠭᠠᠰᠤᠨ ᠤ ᠬᠤᠪᠤᠯᠲᠤ ᠭᠠᠴᠠᠭ᠎ᠠ ᠳᠤ ᠬᠦᠷᠴᠦ ᠣᠷᠣᠰᠢᠨ ᠰᠠᠭᠤᠬᠤ ᠣᠷᠴᠢᠨ ᠲᠣᠭᠣᠷᠢᠨ ᠢ ᠶᠡᠷᠦᠩᠬᠡᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ ᠃

ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠶᠢᠨ ᠬᠥᠮᠦᠰ ᠲᠡᠶ ᠬᠠᠮᠲᠤ ᠪᠠᠷ ᠂ ᠭᠠᠴᠠᠭᠠᠨ ᠤ ᠵᠠᠮ ᠤᠨ ᠬᠣᠶᠠᠷ ᠲᠠᠯ᠎ᠠ ᠂ ᠬᠡᠷᠡᠮ ᠦᠨ ᠬᠥᠪᠡᠭᠡᠨ ᠦ ᠠᠮᠢᠳᠤᠷᠠᠯ ᠤᠨ ᠬᠣᠭ ᠨᠣᠪᠰᠢ ᠂ ᠪᠤᠵᠠᠷ ᠡᠪᠡᠰᠦ ᠪᠤᠯᠤᠨ ᠨᠣᠭᠣᠭᠠᠷᠠᠭᠤᠯᠤᠯᠲᠠ ᠶᠢᠨ ᠪᠦᠰᠡ ᠳᠣᠲᠣᠷᠠᠬᠢ ᠬᠣᠭ ᠨᠣᠪᠰᠢ ᠢ ᠲᠤᠢᠯᠪᠤᠷᠢᠲᠠᠶ ᠴᠡᠪᠡᠷᠯᠡᠨ ᠠᠷᠢᠯᠭᠠᠪᠠ᠃