ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ᠁
ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠳᠤᠭᠤᠢᠯᠠᠩ ᠬᠤᠪᠢᠶᠠᠨ 《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》ᠵᠢᠴᠢ ᠪᠤᠰᠤᠳ ᠢᠯᠡᠳᠬᠡᠯ ᠢ ᠬᠢᠨᠠᠨ ᠵᠥᠪᠯᠡᠪᠡ

             

          4 ᠰᠠᠷ᠎ᠠ ᠶᠢᠨ 26 ᠤ ᠡᠳᠦᠷ ᠂ ᠯᠦᠪᠸᠢ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠦᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠢᠳᠠᠯ ᠪᠠ ᠵᠢᠱᠢᠭᠳᠡᠭᠰᠡᠨ ᠲᠥᠷᠥᠯ ᠵᠦᠢᠯ ᠢ ᠲᠣᠭᠲᠠᠭᠠᠭᠰᠠᠨ ᠪᠠᠢᠳᠠᠯ ᠤᠨ ᠲᠤᠬᠠᠶ ᠮᠡᠳᠡᠭᠦᠯᠦᠯᠲᠡ ᠶᠢ ᠨᠠᠷᠢᠨ ᠬᠢᠨᠠᠮᠠᠭᠠᠶ  ᠬᠢᠨᠠᠨ ᠶᠠᠷᠢᠯᠴᠠᠵᠤ ᠂ ᠲᠥᠯᠥᠪᠯᠡᠭᠡ ᠪᠠ ᠲᠥᠰᠦᠪ ᠦᠨ ᠮᠡᠳᠡᠭᠦᠯᠦᠯᠲᠡ ᠶᠢ ᠬᠢᠨᠠᠨ ᠪᠠᠢᠴᠠᠭᠠᠪᠠ ᠃

             

           ᠬᠣᠰᠢᠭᠤᠨ ᠊ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ ᠲᠥᠯᠥᠭᠡᠯᠡᠭᠴᠢᠳ ᠦᠨ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠦ ᠳᠤᠷᠠᠳᠤᠭᠰᠠᠨ ᠶᠠᠳᠠᠭᠤ  ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠂ ᠮᠠᠯ ᠠᠵᠤ ᠠᠬᠤᠶ ᠶᠢᠨ ᠬᠥᠭᠵᠢᠯᠲᠡ ᠂ ᠬᠣᠲᠠ ᠶᠢᠨ ᠪᠥᠲᠥᠭᠡᠨ ᠪᠠᠢᠭᠤᠯᠤᠯᠲᠠ ᠂ ᠪᠣᠬᠢᠷᠲᠤᠯ ᠢ ᠰᠡᠷᠭᠡᠢᠯᠡᠨ ᠵᠠᠰᠠᠬᠤ ᠂ ᠰᠤᠷᠭᠠᠨ ᠬᠥᠮᠦᠵᠢᠯ ᠂ ᠠᠷᠠᠳ ᠤᠨ ᠠᠮᠢᠳᠤᠷᠠᠯ ᠤᠨ ᠪᠤᠳᠠᠳᠤ ᠲᠥᠷᠥᠯ ᠵᠦᠢᠯ ᠵᠡᠷᠭᠡ ᠠᠵᠢᠯ ᠤᠨ ᠲᠣᠭᠣᠷᠢᠨ ᠳᠤ ᠲᠥᠯᠥᠭᠡᠯᠡᠭᠴᠢᠳ ᠲᠡᠶ ᠶᠠᠷᠢᠯᠴᠠᠪᠠ ᠃

              

          ᠪᠠᠶᠠᠨᠰᠠᠩ ᠶᠠᠷᠢᠯᠴᠠᠬᠤ ᠲᠤᠮᠳᠠ ᠬᠡᠯᠡᠭᠰᠡᠨ ᠨᠢ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠦ ᠂ ᠠᠮᠵᠢᠯᠲᠠ ᠪᠦᠲᠦᠮᠵᠢ ᠪᠡᠨ ᠳ᠋ᠦᠩᠨᠡᠨ ᠦᠨᠡᠨ ᠡᠴᠡ ᠵᠥᠪ ᠢ ᠡᠷᠢᠵᠦ ᠂ ᠠᠰᠠᠭᠤᠳᠠᠯ ᠢ ᠵᠠᠳᠠᠯᠤᠭᠰᠠᠨ ᠨᠢ ᠪᠤᠰᠤᠳᠴᠢ ᠪᠥᠭᠡᠳ ᠣᠨᠣᠪᠴᠢᠲᠠᠶ ᠂ ᠪᠠᠢᠷᠢᠯᠠᠭᠤᠯᠤᠯᠲᠠ ᠶᠢᠨ ᠠᠵᠢᠯ ᠯᠠᠪᠳᠠᠭᠤᠨ ᠪᠠᠲᠤᠲᠠᠶ ᠪᠥᠭᠡᠳ ᠬᠦᠴᠦᠲᠡᠶ ᠂ ᠠᠵᠢᠯᠯᠠᠭᠠᠨ ᠊ᠤ ᠴᠢᠨᠠᠷ ᠢᠶᠠᠷ ᠴᠢᠩᠭ᠎ᠠ ᠪᠠᠢᠵᠤ ᠂ ᠨᠢᠭᠡᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠂ ᠬᠥᠮᠦᠨ ᠦ ᠰᠡᠳᠬᠢᠯ ᠢ ᠬᠥᠭᠵᠢᠭᠡᠬᠦ ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠬᠤ ᠰᠠᠢᠨ ᠢᠯᠡᠳᠬᠡᠯ ᠮᠥᠨ ᠭᠡᠵᠡᠢ᠃

           ᠪᠠᠶᠠᠨᠰᠠᠩ ᠬᠡᠯᠡᠭᠰᠡᠨ ᠨᠢ ᠂ ᠵᠠᠷᠤᠳ ᠬᠣᠰᠢᠭᠤ ᠲᠦᠩᠯᠢᠶᠣᠤ ᠬᠣᠲᠠ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠭᠠᠵᠠᠷ ᠪᠣᠯᠤᠭᠰᠠᠨ ᠤ ᠬᠤᠪᠢ ᠳᠤ ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ ᠢ ᠢᠮᠠᠭᠲᠠ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ ᠂ ᠬᠠᠮᠠᠭᠠᠯᠠᠬᠤ ᠶᠢ ᠲᠡᠷᠢᠭᠦᠨ ᠳᠦ ᠲᠠᠯᠪᠢᠬᠤ ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ ᠂ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠶᠢ ᠠᠬᠢᠭᠤᠯᠵᠤ ᠂ ᠪᠠᠢᠭᠠᠯᠢ ᠶᠢᠨ ᠨᠤᠲᠤᠭ ᠪᠡᠯᠴᠢᠭᠡᠷ ᠦᠨ ᠣᠲᠣ ᠦᠶ᠎ᠡ ᠶᠢᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠪᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠢᠳᠡᠪᠬᠢᠲᠡᠶ ᠪᠠᠢᠭᠤᠯᠵᠤ ᠂ ᠨᠤᠲᠤᠭ ᠪᠡᠯᠴᠢᠭᠡᠷ ᠢ ᠬᠠᠮᠠᠭᠠᠯᠠᠬᠤ ᠂ ᠮᠠᠯ ᠠᠵᠤ ᠠᠬᠤᠶ ᠶᠢ ᠬᠥᠭᠵᠢᠭᠦᠯᠬᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠰᠠᠢᠨ ᠣᠷᠴᠢᠯ ᠢ ᠬᠦᠴᠦᠯᠡᠨ ᠪᠡᠶᠡᠯᠡᠭᠦᠯᠦᠨ᠎ᠡ ᠃ ᠮᠠᠯᠴᠢᠨ ᠲᠠᠷᠢᠶᠠᠴᠢᠳ ᠢ ᠠᠵᠤ ᠦᠢᠯᠡᠰ ᠢᠶᠡᠷ ᠲᠡᠳᠬᠦᠬᠦ ᠂ ᠠᠵᠤ ᠦᠢᠯᠡᠰ ᠢᠶᠡᠷ ᠵᠢᠯᠣᠭᠣᠳᠬᠤ ᠂ ᠮᠡᠷᠭᠡᠵᠢᠯ ᠢᠶᠡᠷ ᠵᠢᠯᠣᠭᠣᠳᠬᠤ ᠡᠷᠴᠢᠮ ᠢᠶᠡᠨ ᠤᠯᠠᠮ ᠨᠢᠭᠡ ᠠᠯᠬᠤᠮ ᠴᠢᠩᠭᠠᠳᠬᠠᠵᠤ ᠂ ᠮᠠᠯᠴᠢᠨ ᠲᠠᠷᠢᠶᠠᠴᠢᠳ ᠤᠨ ᠦᠵᠡᠯ ᠰᠠᠨᠠᠭ᠎ᠠ ᠲᠠᠨᠢᠯᠲᠠ ᠶᠢ ᠦᠨᠡᠨᠬᠦ ᠬᠤᠪᠢᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠬᠦ ᠬᠡᠷᠡᠭᠲᠡᠶ ᠃ ᠡᠭᠦᠷᠭᠡ ᠴᠢᠳᠠᠪᠤᠷᠢ  ᠢᠢᠨ ᠰᠠᠯᠠᠭ᠎ᠠ ᠮᠦᠴᠢᠷ ᠊ᠤᠨ ᠦᠢᠯᠡᠴᠢᠯᠡᠭᠡᠨ ᠊ᠤ ᠶᠠᠰᠤ ᠴᠢᠨᠠᠷ ᠪᠣᠯᠤᠨ ᠦᠢᠯᠡᠴᠢᠯᠡᠭᠡᠨ ᠊ᠤ ᠴᠢᠳᠠᠪᠤᠷᠢ ᠶᠢ ᠴᠢᠩᠭᠠᠳᠬᠠᠨ᠂ ᠲᠤᠰᠬᠠᠢ ᠮᠡᠷᠭᠡᠵᠢᠯ ᠊ᠤᠨ ᠴᠢᠳᠠᠪᠤᠷᠢᠲᠠᠨ  ᠢ ᠣᠷᠣᠭᠤᠯᠵᠤ ᠢᠷᠡᠬᠦ ᠡᠷᠴᠢᠮ  ᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠊ᠤ ᠲᠠᠷᠢᠶᠠᠯᠠᠩ ᠮᠠᠯ ᠠᠵᠤ ᠠᠬᠤᠢ  ᠢᠢᠨ ᠲᠤᠰᠬᠠᠢ ᠮᠡᠷᠭᠡᠵᠢᠯ ᠊ᠤᠨ ᠴᠢᠳᠠᠪᠤᠷᠢᠲᠠᠨ ᠴᠥᠭᠡᠨ ᠪᠠᠢᠬᠤ ᠠᠰᠠᠭᠤᠳᠠᠯ  ᠢ  ᠦᠨᠡᠨᠬᠦ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠢᠢᠨ ᠣᠳᠣᠬᠢᠴᠢᠯᠠᠯᠲᠠ  ᠳᠦ ᠴᠢᠳᠠᠪᠤᠷᠢᠲᠠᠨ ᠊ᠤ ᠪᠠᠲᠤ ᠪᠡᠬᠢ ᠪᠠᠲᠤᠯᠠᠭ᠎ᠠ ᠬᠠᠩᠭᠠᠬᠤ ᠬᠡᠷᠡᠭᠲᠡᠢ᠃ ᠲᠥᠯᠥᠭᠡᠯᠡᠭᠴᠢᠳ ᠦᠨ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠲᠦᠷᠭᠡᠳᠬᠡᠵᠦ᠂ ᠰᠢᠢᠳᠪᠦᠷᠢᠯᠡᠬᠦ ᠶᠠᠪᠤᠳᠠᠯ ᠢ ᠨᠠᠢᠳᠠᠪᠤᠷᠢᠵᠢᠭᠤᠯᠬᠤ ᠨᠤᠷᠮ᠎ᠠ ᠪᠠ ᠤᠯᠠᠨ ᠲᠦᠮᠡᠨ ᠦ ᠰᠡᠳᠬᠢᠯ ᠬᠠᠨᠤᠮᠵᠢᠲᠠᠶ ᠪᠠᠢᠬᠤ ᠬᠡᠮᠵᠢᠶ᠎ᠡ ᠶᠢ ᠴᠢᠷᠮᠠᠢᠨ ᠳᠡᠭᠡᠭᠰᠢᠯᠡᠭᠦᠯᠬᠦ ᠬᠡᠷᠡᠭᠲᠡᠶ᠃ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠦ ᠳᠠᠯᠳᠠ ᠭᠡᠮ ᠢ ᠪᠠᠢᠴᠠᠭᠠᠵᠤ ᠴᠡᠭᠴᠡᠯᠡᠨ ᠵᠠᠰᠠᠬᠤ ᠡᠷᠴᠢᠮ ᠢᠶᠡᠨ ᠴᠢᠩᠭᠠᠷᠠᠭᠤᠯᠵᠤ ᠂ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠬᠠᠮᠢᠶᠠᠷᠤᠯᠲᠠ ᠂ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠢ ᠴᠢᠩᠭᠠᠷᠠᠭᠤᠯᠤᠨ ᠂ ᠣᠯᠠᠨ ᠲᠦᠮᠡᠨ ᠦ ᠦᠢᠯᠡᠳᠪᠦᠷᠢᠯᠡᠯ ᠠᠮᠢᠳᠤᠷᠠᠯ ᠳᠤ ᠰᠠᠢᠨ ᠰᠠᠢᠬᠠᠨ ᠭᠠᠯ ᠤᠨᠲᠠᠷᠠᠭᠠᠬᠤ ᠠᠮᠤᠷ ᠲᠦᠪᠰᠢᠨ ᠦ ᠣᠷᠴᠢᠨ ᠲᠣᠭᠣᠷᠢᠨ  ᠢ ᠪᠤᠢ ᠪᠣᠯᠭᠠᠬᠤ ᠬᠡᠷᠡᠭᠲᠡᠶ ᠃ ᠰᠤᠷᠭᠠᠨ ᠬᠥᠮᠦᠵᠢᠯ ᠦᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ ᠂ ᠰᠤᠷᠭᠠᠭᠤᠯᠢ ᠶᠢᠨ ᠵᠠᠬᠢᠷᠤᠯ  ᠢ 《 ᠤᠷᠢᠨ ᠲᠣᠮᠢᠯᠠᠬᠤ ᠳᠦᠷᠢᠮ 》 ᠪᠠ ᠢᠯᠡ ᠪᠡᠷ ᠠᠩᠭᠢ ᠬᠤᠪᠢᠶᠠᠬᠤ ᠳᠦᠷᠢᠮ  ᠢ  ᠠᠪᠴᠤ ᠂ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠡᠬᠢ ᠪᠠᠶᠠᠯᠢᠭ ᠳᠤᠲᠠᠭᠳᠠᠵᠤ ᠪᠠᠢᠭ᠎ᠠ ᠂ ᠬᠠᠮᠢᠶᠠᠷᠤᠯᠲᠠ ᠡᠮᠬᠢ ᠵᠠᠮᠪᠠᠷᠠᠭ᠎ᠠ ᠦᠭᠡᠢ ᠪᠠᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ ᠭᠡᠵᠡᠢ᠃

ᠡᠮᠦᠨᠡᠬᠢ᠄ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠦ᠋ᠷᠪᠡᠳ᠋ᠦᠭᠡᠷ ᠬᠤᠷᠠᠯᠳ᠋ᠤᠭᠠᠨ ᠦᠨᠳ᠋ᠦᠷᠯᠡᠪᠡ
ᠳᠠᠷᠠᠭᠠᠬᠢ᠄ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠳᠤᠭᠤᠢᠯᠠᠩ ᠬᠤᠪᠢᠶᠠᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠵᠢᠴᠢ ᠰᠢᠭᠦᠬᠦ ᠬᠣᠷᠢᠶ᠎ᠠ ᠪᠠᠢᠴᠠᠭᠠᠬᠤ ᠬᠣᠷᠢᠶ᠎ᠠ  ᠶᠢᠨ ᠠᠵᠢᠯ  ᠤᠨ ᠮᠡᠳᠡᠭᠦᠯᠦᠯᠲᠡ ᠶᠢ ᠶᠠᠷᠢᠯᠴᠠᠪᠠ