ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ᠁
ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠳᠤᠭᠤᠢᠯᠠᠩ ᠬᠤᠪᠢᠶᠠᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠵᠢᠴᠢ ᠰᠢᠭᠦᠬᠦ ᠬᠣᠷᠢᠶ᠎ᠠ ᠪᠠᠢᠴᠠᠭᠠᠬᠤ ᠬᠣᠷᠢᠶ᠎ᠠ  ᠶᠢᠨ ᠠᠵᠢᠯ  ᠤᠨ ᠮᠡᠳᠡᠭᠦᠯᠦᠯᠲᠡ ᠶᠢ ᠶᠠᠷᠢᠯᠴᠠᠪᠠ

              

          4 ᠰᠠᠷ᠎ᠠ ᠶᠢᠨ 27 ᠤ ᠡᠳᠦᠷ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ ᠯᠦᠪᠸᠢ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠦᠨ ᠪᠦᠯᠬᠦᠮ ᠦᠨ ᠬᠢᠨᠠᠨ ᠵᠥᠪᠯᠡᠬᠦ ᠳᠦ ᠣᠷᠣᠯᠴᠠᠵᠤ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠂ 《 ᠰᠢᠭᠦᠬᠦ ᠬᠣᠷᠢᠶ᠎ᠠ ᠪᠠᠢᠴᠠᠭᠠᠬᠤ ᠬᠣᠷᠢᠶ᠎ᠠ 》  ᠶᠢᠨ ᠠᠵᠢᠯ  ᠤᠨ ᠮᠡᠳᠡᠭᠦᠯᠦᠯᠲᠡ ᠶᠢ ᠶᠠᠷᠢᠯᠴᠠᠪᠠ ᠃  

                 

           ᠪᠠᠶᠠᠨᠰᠠᠩ ᠬᠡᠯᠡᠭᠰᠡᠨ ᠨᠢ  ᠂《 ᠭᠤᠷᠪᠠᠨ ᠠᠵᠢᠯ ᠤᠨ ᠮᠡᠳᠡᠬᠦᠯᠦᠯᠲᠡ 》 ᠨᠢ ᠦᠨᠡᠨ ᠡᠴᠡ ᠵᠥᠪ ᠢ ᠡᠷᠢᠵᠦ ᠂ ᠭᠣᠤᠯᠳᠠᠯᠭ᠎ᠠ ᠨᠢ ᠲᠣᠪᠣᠢᠮ᠎ᠠ ᠂ ᠲᠣᠭ᠎ᠠ ᠪᠠᠷᠢᠮᠲᠠ ᠨᠢ ᠨᠠᠷᠢᠨ ᠪᠣᠳᠠᠲᠠᠶ ᠪᠠᠢᠵᠤ ᠂ ᠥᠩᠭᠡᠷᠡᠭᠰᠡᠨ ᠨᠢᠭᠡ ᠵᠢᠯ  ᠤᠨ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ  ᠤᠨ ᠪᠠᠢᠩᠭᠤ  ᠢᠢᠨ ᠬᠣᠷᠢᠶ᠎ᠠ  ᠪᠣᠯᠤᠨ ᠰᠢᠭᠦᠬᠦ ᠬᠣᠷᠢᠶ᠎ᠠ ᠪᠠᠢᠴᠠᠭᠠᠬᠤ ᠬᠣᠷᠢᠶᠠᠨ ᠤ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠶ ᠪᠠᠷ ᠲᠤᠰᠬᠠᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠠᠷᠠᠳᠴᠢᠯᠠᠯ ᠬᠠᠤᠯᠢ ᠪᠠᠷ ᠵᠠᠰᠠᠬᠤ ᠪᠠᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ ᠃ ᠬᠤᠰᠢᠭᠤᠨ  ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠪᠦᠬᠦ ᠬᠣᠰᠢᠭᠤᠨ ᠤ ᠠᠵᠤ ᠠᠬᠤᠢ ᠨᠡᠢᠭᠡᠮ ᠦᠨ ᠬᠥᠭᠵᠢᠯᠲᠡ ᠶᠢᠨ ᠭᠣᠣᠯᠳᠠᠯᠭ᠎ᠠ ᠲᠠᠶ ᠠᠵᠢᠯ ᠪᠠ ᠣᠯᠠᠨ ᠲᠦᠮᠡᠨ ᠦ ᠠᠩᠬᠠᠷᠴᠤ ᠪᠠᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠴᠢᠭᠯᠡᠭᠦᠯᠦᠨ᠂ ᠬᠢᠨᠠᠯᠲᠠ ᠲᠠᠯᠪᠢᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠶ᠎ᠡ ᠵᠣᠬᠢᠴᠠᠩᠭᠤᠢ ᠨᠡᠢᠭᠡᠮ ᠢ ᠪᠠᠢᠭᠤᠯᠬᠤ᠂ ᠨᠡᠢᠭᠡᠮ ᠦᠨ ᠲᠣᠭᠲᠠᠭᠤᠨ  ᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠥᠯᠥᠭᠡᠯᠡᠭᠴᠢᠳ ᠦᠨ ᠪᠤᠯᠪᠠᠰᠤᠷᠠᠯ ᠤᠨ ᠡᠷᠴᠢᠮ ᠢ ᠴᠢᠩᠭᠠᠳᠬᠠᠵᠤ᠂ ᠲᠥᠯᠥᠭᠡᠯᠡᠭᠴᠢᠳ ᠦᠨ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠲᠥᠯᠥᠭᠡᠯᠡᠭᠴᠢᠳ ᠦᠨ ᠡᠭᠦᠷᠭᠡ ᠲᠤᠰᠢᠶᠠᠯ ᠢᠶᠠᠨ ᠭᠦᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃

ᠡᠮᠦᠨᠡᠬᠢ᠄ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠳᠤᠭᠤᠢᠯᠠᠩ ᠬᠤᠪᠢᠶᠠᠨ 《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》ᠵᠢᠴᠢ ᠪᠤᠰᠤᠳ ᠢᠯᠡᠳᠬᠡᠯ ᠢ ᠬᠢᠨᠠᠨ ᠵᠥᠪᠯᠡᠪᠡ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠷᠠᠯ ᠤᠨ ᠰᠤᠷᠳᠠᠯ ᠬᠤᠷᠠᠯ  ᠤᠨ ᠰᠠᠬᠢᠯᠭ᠎ᠠ ᠪᠠᠲᠤ ᠶᠢ ᠬᠢᠨᠠᠨ ᠪᠠᠢᠴᠠᠭᠠᠬᠤ ᠳᠤᠭᠤᠢᠯᠠᠩ ᠄ ᠣᠯᠠᠨ ᠵᠦᠢᠯ ᠦᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠳᠤ ᠬᠢᠨᠠᠯᠲᠠ ᠲᠠᠯᠪᠢᠬᠤ ᠠᠵᠢᠯ ᠢ ᠰᠠᠢᠲᠤᠷ ᠠᠳᠬᠤᠵᠦ ᠪᠠᠢᠭ᠎᠎᠎᠎᠎᠎᠎᠎ᠠ