ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠄ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ ᠶᠡᠬᠡ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠵᠦ ᠪᠠᠢᠭ᠎ᠠ

ᠶᠡᠬᠡ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ ᠂ ᠬᠤᠷᠠᠯ ᠤᠨ ᠴᠢᠬᠡᠴᠢ ᠰᠤᠷᠲᠠᠯ ᠊ᠢ ᠪᠠᠲᠤᠯᠠᠬᠤ ᠶᠢᠨ ᠲᠥᠯᠥᠭᠡ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠵᠢᠴᠢ ᠬᠣᠰᠢᠭᠤᠨ ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶᠢᠨ ᠬᠢᠨᠠᠨ ᠪᠠᠢᠴᠠᠭᠠᠬᠤ ᠵᠥᠪᠯᠡᠯ ᠦᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠂ 4 ᠰᠠᠷ᠎ᠠ ᠶᠢᠨ 26 ᠊ᠤ ᠡᠳᠦᠷ ᠂ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠨᠠᠷᠢᠨ ᠪᠢᠴᠢᠭ᠌ ᠦᠨ ᠭᠠᠵᠠᠷ ᠤᠨ ᠬᠢᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠬᠢᠨᠠᠨ ᠪᠠᠢᠴᠠᠭᠠᠬᠤ ᠳᠤᠭᠤᠢᠯᠠᠩ ᠲᠠᠶ ᠬᠠᠮᠲᠤᠷᠠᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠦᠨ ᠬᠤᠷᠠᠯ ᠤᠨ ᠬᠤᠭᠤᠴᠠᠭᠠᠨ ᠳᠤ ᠰᠠᠬᠢᠯᠭ᠎ᠠ ᠪᠠᠲᠤ ᠶᠢ ᠵᠢᠷᠤᠮᠯᠠᠭᠰᠠᠨ ᠪᠠᠢᠳᠠᠯ ᠢ ᠰᠢᠮᠳᠠᠭᠤᠯᠤᠨ ᠪᠠᠢᠴᠠᠭᠠᠵᠤ ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠰᠠᠬᠢᠭᠰᠠᠨ ᠠᠵᠢᠯ ᠤᠨ ᠪᠠᠢᠳᠠᠯ ᠢ ᠴᠠᠭ ᠲᠤᠬᠠᠶ ᠳᠤᠨᠢ ᠡᠵᠡᠮᠰᠢᠵᠦ ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠪᠡ ᠃


ᠥᠷᠭᠡᠨ ᠳᠡᠯᠭᠡᠷ ᠤᠬᠠᠭᠤᠯᠭ᠎ᠠ ᠪᠠ ᠭᠦᠨ ᠭᠦᠨᠵᠡᠭᠡᠶ ᠨᠠᠷᠢᠨ ᠨᠢᠮᠪᠠᠶ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠣᠳᠬᠤ ᠠᠵᠢᠯ ᠢᠶᠠᠷ ᠳᠠᠮᠵᠢᠭᠤᠯᠤᠨ᠂ ᠶᠡᠬᠡ ᠬᠤᠷᠠᠯ ᠠᠴᠠ ᠲᠥᠯᠥᠭᠡᠯᠡᠭᠴᠢᠳ ᠦᠨ ᠬᠤᠷᠠᠯ ᠤᠨ ᠰᠠᠬᠢᠯᠭ᠎ᠠ ᠪᠠᠲᠤ ᠶᠢ ᠬᠠᠮᠲᠤ ᠪᠠᠷ ᠴᠢᠩᠭ᠎ᠠ ᠰᠠᠬᠢᠬᠤ ᠰᠠᠢᠨ ᠰᠠᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠲᠥᠯᠥᠭᠡᠯᠡᠭᠴᠢᠳ ᠦᠨ ᠰᠠᠭᠤᠭ᠎ᠠ ᠭᠠᠵᠠᠷ ᠲᠤ ᠲᠥᠯᠥᠭᠡᠯᠡᠭᠴᠢᠳ ᠴᠥᠮ ᠥᠪᠡᠷ ᠥᠪᠡᠷ ᠦᠨ ᠥᠷᠥᠭᠡᠨ ᠳᠡᠭᠡᠨ ᠪᠠᠢᠵᠤ᠂ ᠵᠠᠷᠢᠮ ᠨᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠤᠳᠤᠯᠤᠨ᠂ ᠵᠠᠷᠢᠮ ᠨᠢ ᠰᠠᠨᠠᠯ ᠵᠥᠪᠯᠡᠯᠭᠡ ᠰᠠᠨᠠᠭᠤᠯᠭ᠎ᠠ ᠶᠢ ᠡᠮᠬᠢᠳᠬᠡᠵᠦ᠂ ᠵᠠᠷᠢᠮ ᠲᠥᠯᠥᠭᠡᠯᠡᠭᠴᠢ ᠨᠢ ᠪᠠᠰᠠ ᠠᠮᠠᠷᠠᠯᠲᠠ ᠶᠢᠨ ᠴᠠᠭ ᠢᠶᠠᠨ ᠠᠰᠢᠭᠯᠠᠨ ᠰᠠᠨᠠᠯ ᠵᠥᠪᠯᠡᠯᠭᠡ ᠰᠠᠨᠠᠭᠤᠯᠭ᠎ᠠ ᠳᠤ ᠡᠴᠦᠰ ᠦᠨ ᠵᠠᠰᠠᠪᠤᠷᠢ ᠣᠷᠣᠭᠤᠯᠵᠤ ᠲᠡᠭᠦᠯᠳᠡᠷᠵᠢᠭᠦᠯᠵᠦ ᠪᠠᠢᠯ᠎ᠠ ᠃


ᠲᠥᠯᠥᠭᠡᠯᠡᠭᠴᠢᠳ ᠡᠴᠨ ᠂ ᠪᠥᠬᠥ ᠬᠣᠰᠢᠭᠤᠨ ᠤ ᠠᠷᠠᠳ ᠣᠯᠠᠨ ᠤ ᠬᠦᠰᠡᠯ ᠨᠠᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ ᠪᠡᠷ᠂ ᠶᠡᠬᠡ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠂ ᠲᠥᠯᠥᠭᠡᠯᠡᠭᠴᠢᠳ ᠦᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ ᠂ ᠲᠥᠯᠥᠭᠡᠯᠡᠭᠴᠢᠳ ᠦᠨ ᠴᠣᠭ ᠵᠢᠪᠬᠤᠭ᠎ᠠ ᠶᠢ ᠢᠯᠡᠷᠡᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ᠡᠨᠡ ᠤᠳᠠᠭᠠᠨ ᠤ ᠶᠡᠬᠡ ᠬᠤᠷᠠᠯ ᠢ ᠰᠠᠢᠲᠤᠷ ᠬᠤᠷᠠᠯᠳᠤᠭᠤᠯᠵᠤ ᠂ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯ ᠤᠨ ᠲᠡᠭᠦᠰ ᠠᠮᠵᠢᠯᠲᠠ ᠲᠠᠶ ᠶᠠᠪᠤᠭᠳᠠᠬᠤ ᠶᠢ ᠪᠠᠲᠤᠯᠠᠨ᠎ᠠ ᠭᠡᠵᠦ ᠢᠯᠡᠷᠬᠡᠢᠯᠡᠵᠡᠭᠡᠪᠡ ᠃