ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ《ᠨᠠᠮ ᠤᠨ ᠪᠠᠢᠭᠤᠯᠤᠯᠳᠠ ᠶᠢᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠠᠭᠡᠭᠰᠢᠯᠡᠬᠦᠯᠬᠦ ᠵᠠᠭᠤᠨ ᠡᠳᠤᠷ ᠤᠨ ᠪᠤᠭᠤᠮᠳᠠ ᠰᠢᠪᠳᠤᠯᠬᠤ ᠲᠤᠰᠬᠠᠢ ᠠᠵᠢᠯᠯᠠᠭ᠎ᠠ》᠋ ᠶᠢᠨ ᠲᠠᠢᠴᠢᠯᠠᠯᠳᠠ ᠶᠢᠨ ᠬᠤᠷᠠᠯ ᠬᠤᠷᠠᠯᠳᠤᠭᠤᠯᠤᠭᠰᠨᠨ ᠨᠢ
5 ᠰᠠᠷ᠎ᠠ ᠶᠢᠨ 11᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ《ᠨᠠᠮ ᠤᠨ ᠪᠠᠢᠭᠤᠯᠤᠯᠳᠠ ᠶᠢᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠠᠭᠡᠭᠰᠢᠯᠡᠬᠦᠯᠬᠦ ᠵᠠᠭᠤᠨ ᠡᠳᠤᠷ ᠤᠨ ᠪᠤᠭᠤᠮᠳᠠ ᠰᠢᠪᠳᠤᠯᠬᠤ ᠲᠤᠰᠬᠠᠢ ᠠᠵᠢᠯᠯᠠᠭ᠎ᠠ》᠋ ᠶᠢᠨ ᠲᠠᠢᠴᠢᠯᠠᠯᠳᠠ ᠶᠢᠨ ᠬᠤᠷᠠᠯ ᠬᠤᠷᠠᠯᠳᠤᠭᠤᠯᠤᠨ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠪᠠᠢᠭᠤᠯᠤᠯᠳᠠ ᠶᠢᠨ ᠬᠦᠷᠢᠶᠠᠨ ᠳᠡᠭᠢ《ᠵᠠᠭᠤᠨ ᠡᠳᠤᠷ ᠤᠨ ᠪᠤᠭᠤᠮᠳᠠ ᠰᠢᠪᠳᠤᠯᠬᠤ》ᠲᠤᠰᠬᠠᠢ ᠠᠵᠢᠯᠯᠠᠭ᠎ᠠ ᠶᠢ ᠲᠤᠬᠢᠷᠠᠭᠤᠯᠤᠨ ᠪᠠᠢᠷᠢᠯᠠᠭᠤᠯᠵᠤ᠂《ᠲᠠᠪᠤᠵᠢᠭᠤᠯᠤᠯᠳᠠ ᠶᠢ ᠬᠠᠮᠵᠢᠯᠴᠠᠭᠤᠯᠤᠨ᠂ᠦᠨᠳᠤᠰᠤᠨ ᠱᠠᠳᠤ ᠶᠢ ᠶᠡᠭᠡᠪᠡᠷ ᠠᠳᠬᠤᠬᠤ》ᠠᠵᠢᠯ ᠢ ᠬᠦᠨᠵᠡᠭᠡᠢ ᠠᠬᠢᠭᠤᠯᠤᠨ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠪᠠᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠪᠥᠬᠥ ᠲᠠᠯ᠎ᠠ ᠪᠠᠷ ᠳᠡᠭᠡᠭᠰᠢᠯᠡᠭᠦᠯᠪᠡ ᠃ ᠪᠠᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠯᠢ ᠴᠧᠩ ᠭᠦᠸᠧ ᠬᠤᠷᠠᠯ ᠡᠷᠬᠢᠯᠡᠵᠦ᠂ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃


ᠬᠤᠷᠠᠯ ᠠᠴᠠ ᠵᠢᠭᠠᠵᠤ ᠭᠠᠷᠭᠠᠭᠰᠠᠨ ᠨᠢ ᠂ ᠨᠠᠮ ᠤᠨ ᠪᠠᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠦᠨ ᠨᠠᠮ ᠤᠨ ᠲᠡᠷᠢᠭᠦᠨ ᠦ ᠴᠢᠨᠠᠷ ᠪᠠ ᠠᠷᠢᠭᠤᠨ ᠴᠡᠪᠡᠷ ᠴᠢᠨᠠᠷ ᠢ ᠡᠭᠦᠷᠢᠳᠡ ᠪᠠᠳᠤᠯᠠᠬᠤ ᠶᠢ ᠪᠣᠳᠣᠯᠬᠢᠯᠠᠭᠰᠨᠨ᠂ᠰᠢᠨ᠎ᠡ ᠴᠠᠭ ᠦᠶ᠎ᠡ ᠶᠢᠨ ᠨᠠᠮ ᠤᠨ ᠪᠠᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠳᠤ ᠨᠡᠢᠴᠡᠭᠦᠯᠵᠦ ᠳᠤᠷᠠᠳᠤᠭᠰᠠᠨ ᠴᠢᠬᠤᠯᠠ ᠶᠡᠬᠡ ᠰᠡᠳᠦᠪ ᠪᠣᠯᠤᠨ᠎ᠠ᠃《 ᠵᠠᠭᠤᠨ ᠡᠳᠦᠷ ᠦᠨ ᠪᠣᠭᠣᠮᠲᠠ ᠰᠢᠪᠲᠤᠯᠬᠤ》ᠲᠤᠰᠬᠠᠢ ᠠᠵᠢᠯᠯᠠᠭ᠎ᠠ ᠪᠣᠯ ᠡᠨᠡᠬᠦ ᠬᠠᠷᠠᠯᠲᠠ ᠶᠢ ᠪᠡᠶᠡᠯᠡᠭᠦᠯᠬᠦ ᠬᠦᠴᠤᠳᠠᠢ ᠭᠠᠷᠳᠠᠴᠠ ᠪᠠ ᠪᠦᠲᠦᠮᠵᠢᠲᠡᠢ ᠪᠠᠲᠤᠯᠠᠭ᠎ᠠ ᠪᠣᠯᠤᠨ᠎ᠠ᠃


ᠬᠤᠷᠠᠯ ᠠᠴᠠ ᠱᠠᠭᠠᠷᠳᠠᠭᠰᠠᠨ ᠨᠢ ᠂ ᠶᠡᠷᠦᠩᠬᠡᠶ ᠱᠦᠵᠢ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠨᠠᠮ ᠤᠨ ᠪᠠᠢᠭᠤᠯᠤᠯᠲᠠ ᠶᠢᠨ ᠴᠢᠬᠤᠯᠠ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ ᠂《ᠴᠢᠨᠠᠷ ᠴᠢᠨᠰᠠᠭ᠎ᠠ ᠪᠣᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠮᠢᠨ ᠰᠤᠳᠠᠰᠤ ᠮᠥᠨ》ᠭᠡᠬᠦ ᠤᠢᠯᠠᠭᠠᠭᠳᠠᠬᠤᠨ ᠢ ᠪᠠᠲᠤ ᠪᠣᠶ ᠪᠣᠯᠭᠠᠵᠤ ᠂ᠴᠢᠨᠠᠷ ᠴᠢᠨᠰᠠᠭ᠎ᠠ ᠨᠢ ᠴᠢᠩᠭ᠎ᠠ ᠪᠠᠢᠬᠤ ᠡᠰᠡᠬᠦ ᠪᠡᠷ ᠦᠨᠳᠦᠰᠦᠨ ᠱᠠᠲᠤᠨ ᠤ ᠨᠠᠮ ᠤᠨ ᠪᠠᠢᠭᠤᠯᠤᠯᠲᠠ ᠶᠢᠨ ᠡᠭᠦᠷᠭᠡ ᠶᠢ ᠨᠠᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠬᠡᠮᠵᠢᠬᠦ ᠬᠡᠮᠵᠢᠭᠦᠷ ᠪᠣᠯᠭᠠᠨ᠂ᠴᠢᠨᠠᠷ ᠴᠢᠨᠰᠠᠭ᠎ᠠ ᠶᠢᠨ ᠪᠠᠢᠭᠤᠯᠤᠯᠲᠠ ᠶᠢ ᠨᠠᠷᠢᠨ ᠨᠢᠭᠲᠠ ᠠᠳᠬᠤᠵᠤ᠂ᠨᠠᠷᠢᠯᠢᠭ ᠤᠨᠤᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠤᠨ᠂ᠴᠢᠨᠠᠷ ᠴᠢᠨᠰᠠᠭ᠎ᠠ ᠶᠢᠨ ᠳᠤᠲᠠᠭᠳᠠᠯ ᠢ ᠨᠥᠬᠥᠪᠥᠷᠢᠯᠡᠵᠦ᠂ᠨᠠᠷᠢᠨ ᠨᠢᠮᠪᠠᠶ ᠪᠠᠢᠴᠠᠭᠠᠨ᠂ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠵᠤ᠂ᠦᠨᠳᠦᠰᠦᠨ ᠱᠠᠲᠤᠨ ᠤ ᠨᠠᠮ ᠤᠨ ᠪᠠᠢᠭᠤᠯᠤᠯᠲᠠ ᠶᠢᠨ ᠠᠵᠢᠯ ᠤᠨ ᠪᠥᠬᠥ ᠲᠠᠯ᠎ᠠ ᠶᠢᠨ ᠳᠠᠪᠰᠢᠯᠲᠠ ᠶᠢ ᠠᠬᠢᠭᠤᠯᠬᠤ ᠬᠡᠷᠡᠭᠲᠡᠶ᠃《ᠨᠠᠮ ᠤᠨ ᠬᠣᠷᠢᠢ᠎ᠠ(ᠨᠠᠮ ᠤᠨ ᠤᠳᠤᠷᠢᠳᠬᠤ ᠳᠤᠭᠤᠢᠯᠠᠩ)ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠣᠣᠯ ᠴᠣᠭᠴᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠲᠣᠭᠲᠠᠭᠠᠯ》᠋᠋ ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠪᠠᠢᠭᠤᠯᠭ᠎ᠠ ᠶᠢᠨ ᠨᠠᠮ ᠤᠨ ᠤᠳᠤᠷᠢᠳᠬᠤ ᠳᠤᠭᠤᠢᠯᠠᠩ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠣᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ᠨᠠᠮ ᠤᠨ ᠪᠠᠢᠭᠤᠯᠤᠯᠲᠠ ᠶᠢᠨ ᠠᠵᠢᠯ ᠪᠣᠯᠤᠨ ᠲᠤᠬᠠᠢᠯᠠᠭᠰᠠᠨ ᠠᠵᠢᠯ ᠢ ᠵᠡᠷᠭᠡᠪᠡᠷ ᠲᠥᠯᠥᠪᠵᠢᠭᠦᠯᠤᠨ᠂ᠵᠡᠷᠭᠡᠪᠡᠷ ᠪᠠᠢᠷᠢᠯᠠᠭᠤᠯᠵᠤ᠂ᠵᠡᠷᠭᠡᠪᠡᠷ ᠠᠬᠢᠭᠤᠯᠤᠨ᠂ᠵᠡᠷᠭᠡᠪᠡᠷ ᠬᠢᠨᠠᠨ ᠰᠢᠯᠭᠠᠬᠤ ᠶᠢ ᠪᠡᠶᠡᠯᠡᠭᠦᠯᠤᠨ᠂ ᠥᠪᠡᠷ᠋ ᠶᠢᠠᠨ ᠪᠠᠢᠴᠠᠭᠠᠬᠤ᠂ ᠴᠡᠭᠴᠡᠯᠡᠨ ᠰᠠᠢᠵᠢᠷᠠᠭᠤᠯᠬᠤ᠂ ᠲᠦᠷᠢᠮᠵᠢᠯ᠂ᠲᠡᠰ ᠳᠡᠪᠰᠢᠭᠦ ᠶᠢ ᠴᠢᠩᠭ᠎ᠠ ᠠᠳᠬᠤᠬᠤ ᠶᠢᠨ ᠬᠠᠮᠲᠤ᠂ᠳᠡᠭᠡᠳᠦ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠳᠤ ᠠᠵᠢᠯ ᠥᠷᠨᠢᠭᠦᠯᠦᠭᠰᠡᠨ ᠪᠠᠢᠳᠠᠯ᠋ ᠶᠢᠠᠨ ᠲᠤᠭᠳᠠᠭᠰᠨᠨ ᠬᠤᠭᠤᠴᠠᠭ᠎ᠠ ᠲᠠᠶ ᠪᠠᠷ ᠮᠡᠳᠡᠭᠦᠯᠬᠦ ᠬᠡᠷᠡᠭᠲᠡᠢ᠃ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ᠨᠠᠮ ᠤᠨ ᠪᠠᠢᠭᠤᠯᠤᠯᠲᠠ ᠶᠢᠨ ᠠᠵᠢᠯ ᠢ ᠲᠦᠷᠦᠯ ᠵᠤᠢᠴᠢᠯᠡᠯᠳᠠ ᠶᠢᠨ ᠬᠡᠯᠪᠡᠷᠢ ᠪᠡᠷ ᠠᠬᠢᠭᠤᠯᠤᠨ᠂ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠭᠣᠣᠯᠳᠠᠯᠭ᠎ᠠ ᠲᠠᠶ ᠬᠦᠴᠢᠷ ᠠᠵᠢᠯ ᠢ ᠨᠠᠮ ᠤᠨ ᠪᠠᠢᠭᠤᠯᠤᠯᠲᠠ ᠶᠢᠨ ᠲᠦᠷᠦᠯ ᠵᠦᠢᠯ ᠪᠣᠯᠭᠠᠨ ᠬᠤᠪᠢᠷᠠᠭᠤᠯᠵᠤ᠂ᠪᠠᠭᠤᠷᠠᠢ ᠲᠠᠯ᠎ᠠ ᠠᠴᠠ ᠭᠠᠷᠳᠠᠠ᠂ᠠᠵᠢᠯ ᠤᠨ ᠳᠤᠲᠠᠭᠳᠠᠯ᠋᠋ ᠶᠢᠠᠨ ᠨᠥᠬᠥᠪᠥᠷᠢᠯᠡᠵᠦ᠂ ᠨᠠᠮ ᠤᠨ ᠪᠠᠢᠭᠤᠯᠤᠯᠲᠠ ᠶᠢᠨ ᠠᠵᠢᠯ ᠤᠨ ᠲᠦᠷᠦᠯ ᠵᠦᠢᠯ ᠢ ᠪᠣᠳᠠᠲᠠᠢᠵᠢᠭᠤᠯᠤᠨ᠂ᠨᠠᠷᠢᠯᠢᠭ ᠠᠳᠬᠤᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠤᠨ ᠮᠡᠳᠡᠭᠡᠯᠡᠬᠦ ᠪᠡᠨ ᠴᠢᠩᠭᠠᠳᠬᠠᠵᠤ᠂ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠶᠢᠨ ᠡᠷᠬᠢᠯᠡᠭᠰᠨᠨ ᠰᠦᠯᠵᠢᠶ᠎ᠡ ᠪᠠ ᠸᠢᠴᠠᠲ ᠤᠨ ᠣᠯᠠᠨ ᠨᠡᠢᠲᠡ ᠶᠢᠨ ᠬᠠᠮ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠶᠢᠨ ᠨᠠᠮ ᠤᠨ ᠪᠠᠢᠭᠤᠯᠤᠯᠲᠠ ᠶᠢᠨ ᠠᠵᠢᠯ ᠤᠨ ᠰᠠᠢᠨ ᠲᠤᠷᠰᠢᠯᠭ᠎ᠠ᠂ᠰᠠᠢᠨ ᠠᠷᠭ᠎ᠠ ᠬᠢᠳᠡᠯ ᠢ ᠢᠳᠡᠪᠬᠢᠲᠡᠶ ᠤᠬᠠᠭᠤᠯᠵᠤ᠂ᠨᠠᠮ ᠤᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ᠂ᠬᠥᠭᠵᠢᠯᠲᠡ ᠶᠢ ᠠᠬᠢᠭᠤᠯᠬᠤ ᠰᠠᠢᠨ ᠰᠠᠢᠬᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠢ᠃