ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠲᠠ ᠬᠣᠰᠢᠭᠤ ᠬᠣᠶᠠᠷ ᠱᠠᠲᠤᠨ ᠤ ᠠᠷᠠᠳ ᠤᠨ᠁
ᠬᠣᠲᠠ ᠬᠣᠰᠢᠭᠤ ᠬᠣᠶᠠᠷ ᠱᠠᠲᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠬᠠᠮᠲᠤᠷᠠᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠬᠡᠷᠡᠭᠯᠡᠭᠡᠨ ᠦ ᠮᠡᠷᠭᠡᠵᠢᠯ ᠦᠨ ᠪᠣᠯᠪᠠᠰᠤᠷᠠᠯ᠋ ᠶᠢᠠᠷ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠥᠷᠨᠢᠭᠦᠯᠦᠭᠰᠨᠨ ᠨᠢ

 



ᠲᠦᠩᠯᠢᠶᠣᠤ ᠬᠣᠲᠠ ᠶᠢᠨ ᠬᠣᠢᠲᠤ ᠬᠡᠰᠡᠭ ᠦᠨ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠪᠠ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠣᠲᠠ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠲᠠᠶ ᠤᠶᠠᠯᠳᠤᠭᠤᠯᠤᠨ᠂ 5 ᠰᠠᠷ᠎ᠠ ᠶᠢᠨ 12᠋ ᠤ ᠡᠳᠦᠷ᠂ ᠬᠣᠲᠠ ᠬᠣᠰᠢᠭᠤ ᠬᠣᠶᠠᠷ ᠱᠠᠲᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠬᠠᠮᠲᠤᠷᠠᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠬᠡᠷᠡᠭᠯᠡᠭᠡᠨ ᠦ ᠮᠡᠷᠭᠡᠵᠢᠯ ᠦᠨ ᠲᠤᠰᠬᠠᠶ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠵᠠᠷᠤᠳ ᠬᠣᠰᠢᠭᠤᠨ ᠤ ᠬᠣᠢᠲᠤ ᠬᠡᠰᠡᠭ ᠦᠨ ᠮᠠᠯᠵᠢᠬᠤ ᠣᠷᠣᠨ ᠤ ᠪᠠᠶᠠᠷᠳᠤᠬᠤᠰᠢᠭᠤ ᠪᠠᠯᠭᠠᠰᠤ᠂ ᠠᠷᠤ ᠬᠥᠨᠳᠡᠯᠡᠨ ᠪᠠᠯᠭᠠᠰᠤ᠂ᠤᠯᠠᠭᠠᠨᠬᠠᠳᠠ ᠰᠤᠮᠤ ᠶᠢᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠡᠷᠦᠬᠡ ᠵᠢᠴᠢ ᠬᠡᠰᠡᠭ ᠬᠣᠲᠠ ᠬᠣᠰᠢᠭᠤ ᠪᠠᠯᠭᠠᠰᠤᠨ ᠤ ᠭᠤᠷᠪᠠᠨ ᠱᠠᠲᠤᠨ ᠤ ᠮᠠᠯᠴᠢᠨ ᠪᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠲᠦ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠦᠨ ᠪᠤᠯᠪᠠᠰᠤᠷᠠᠯ ᠬᠦᠷᠭᠡᠪᠡ᠃


ᠠᠷᠠᠳ ᠤᠯᠠᠨ ᠤ ᠬᠠᠮᠤᠭ ᠤᠨ ᠬᠦᠰᠡᠵᠦ ᠪᠠᠢᠭ᠎ᠠ᠂ ᠬᠠᠮᠤᠭ ᠤᠨ ᠪᠠᠴᠢᠮ᠂ ᠬᠠᠮᠤᠭ ᠤᠨ ᠵᠣᠪᠠᠵᠤ ᠪᠠᠢᠭ᠎ᠠ ᠪᠠᠴᠢᠮ ᠲᠤᠯᠭᠠᠮ᠎ᠠ ᠬᠦᠴᠢᠷ ᠠᠰᠠᠭᠤᠳᠠᠯ ᠢ ᠰᠠᠢᠲᠤᠷ ᠰᠢᠢᠳᠪᠦᠷᠢᠯᠡᠬᠦ ᠪᠣᠯ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠵᠢᠯᠲᠠᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢᠨ ᠴᠢᠬᠤᠯᠠ ᠶᠠᠪᠤᠳᠠᠯ ᠪᠤᠯᠤᠨ᠎ᠡ᠃ ᠡᠭᠦᠨ ᠳᠦ ᠬᠣᠲᠠ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠳᠡᠭᠡᠳᠤ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠢᠳᠡᠪᠬᠢᠲᠡᠢ ᠵᠣᠬᠢᠴᠠᠭᠤᠯᠤᠨ᠂ ᠲᠦᠩᠯᠢᠶᠣᠤ ᠬᠣᠲᠠ ᠶᠢᠨ ᠮᠠᠯ ᠠᠵᠤ ᠠᠬᠤᠶ ᠶᠢᠨ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠬᠠᠨ ᠷᠦᠨ ᠶᠢᠩ᠂ᠳᠡᠭᠡᠳᠤ ᠵᠡᠷᠭᠡ ᠶᠢᠨ ᠮᠠᠯ ᠤᠨ ᠡᠮᠴᠢ᠂ ᠲᠦᠩᠯᠢᠶᠣᠤ ᠶᠢᠨ ᠵᠢᠩ ᠶᠤᠸᠠᠨ ᠡᠭᠦᠯᠳᠡᠷ ᠦᠨ ᠦᠬᠡᠷ ᠦᠷᠡᠵᠢᠭᠦᠯᠦᠨ ᠪᠣᠢᠵᠢᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠤᠤᠯᠯᠠᠨ ᠵᠠᠰᠠᠬᠤ ᠮᠠᠯ ᠤᠨ ᠡᠮᠴᠢ ᠸᠠᠩ ᠶᠢᠩ ᠵᠢᠶᠧ ᠬᠣᠶᠠᠷ ᠲᠤᠰᠬᠠᠶ ᠮᠡᠷᠭᠡᠵᠢᠯᠲᠡᠨ ᠢ ᠤᠷᠢᠵᠤ᠂ ᠲᠣᠰ ᠲᠣᠰ ᠰᠢᠯᠢᠳᠡᠭ ᠳᠠᠷᠤᠰᠢᠭᠤᠯᠤᠭᠰᠠᠨ ᠲᠡᠵᠢᠭᠡᠯ ᠪᠣᠷᠳᠣᠭ᠎ᠠ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ ᠳᠡᠬᠢ ᠬᠡᠷᠡᠭᠯᠡᠯᠲᠡ ᠪᠠ ᠮᠠᠯ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠢ ᠰᠡᠷᠭᠡᠢᠯᠡᠨ ᠵᠠᠰᠠᠬᠤ ᠪᠠᠷ ᠭᠣᠣᠯ ᠰᠡᠳᠦᠪ ᠪᠣᠯᠭᠠᠠ᠂ ᠲᠤᠰᠬᠠᠢ ᠰᠡᠳᠤᠪ ᠶᠢᠠᠷ ᠲᠠᠢᠯᠪᠤᠷᠢᠯᠠᠬᠤ᠂ ᠲᠤᠬᠠᠢ ᠶᠢᠨ ᠲᠠᠯᠠᠪᠠᠢ ᠳᠤ ᠬᠠᠷᠢᠯᠴᠠᠨ ᠬᠥᠳᠡᠯᠦᠯᠴᠡᠬᠦ ᠠᠷᠭ᠎ᠠ ᠬᠡᠯᠪᠡᠷᠢ᠂ ᠳᠥᠭᠥᠮ ᠣᠢᠯᠠᠭᠠᠮᠵᠢᠲᠠᠢ ᠦᠭᠡ ᠬᠡᠯᠡ᠂ ᠠᠮᠢᠳᠤᠯᠢᠭ ᠪᠣᠳᠠᠲᠠᠢ ᠵᠢᠱᠢᠢ᠎ᠡ ᠪᠡᠷ ᠮᠠᠯᠴᠢᠳ ᠲᠤ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠡᠷᠡᠭᠯᠡᠭᠡᠨ ᠦ ᠮᠡᠷᠭᠡᠵᠢᠯ ᠦᠨ ᠲᠠᠯ᠎ᠠ ᠶᠢᠨ ᠲᠤᠰᠬᠠᠢ ᠮᠡᠷᠭᠡᠵᠢᠯ ᠦᠨ ᠮᠡᠳᠡᠯᠭᠡ ᠶᠢ ᠭᠦᠨᠵᠡᠭᠡᠢ ᠲᠠᠢᠯᠪᠤᠷᠢᠯᠠᠬᠤ ᠶᠢᠨ ᠬᠠᠮᠲᠤ᠂ ᠮᠠᠯᠴᠢᠳ ᠤᠨ ᠮᠡᠷᠭᠡᠵᠢᠯ ᠦᠨ ᠠᠰᠠᠭᠤᠨ ᠯᠠᠪᠯᠠᠯᠳᠠ ᠶᠢ ᠬᠦᠯᠢᠶᠡᠨ ᠠᠪᠴᠤ᠂ ᠲᠤᠬᠠᠢ ᠶᠢᠨ ᠲᠠᠯᠠᠪᠤᠷ ᠲᠤ ᠮᠠᠯᠴᠢᠳ ᠤᠨ ᠳᠤᠷᠠᠳᠤᠭᠰᠠᠨ ᠪᠣᠳᠠᠲᠠᠢ ᠠᠰᠠᠭᠤᠳᠠᠯ ᠢ ᠲᠠᠢᠯᠪᠤᠷᠢᠯᠠᠵᠤ ᠦᠭᠬᠦᠭᠰᠨᠨ ᠪᠠᠢᠨ᠎ᠡ᠃

ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠠᠷᠤ ᠬᠥᠨᠳᠡᠯᠡᠨ ᠪᠠᠯᠭᠠᠰᠤᠨ ᠤ ᠠᠮᠤᠭᠤᠯᠠᠩ ᠭᠠᠴᠠᠭᠠᠨ ᠤ ᠮᠠᠯᠴᠢᠨ ᠳᠡᠯᠭᠡᠷᠰᠠᠩ᠄《ᠥᠨᠥᠳᠦᠷ ᠦᠨ ᠪᠣᠯᠪᠠᠰᠤᠷᠠᠯ ᠤᠨ ᠬᠤᠷᠠᠯ ᠳᠤ ᠪᠢᠳᠡ ᠡᠩ ᠦᠨ ᠦᠶ᠎ᠡ ᠳᠦ ᠣᠢᠯᠠᠭᠠᠬᠤ ᠥᠬᠡᠶ ᠮᠠᠰᠢ ᠣᠯᠠᠨ ᠮᠡᠳᠡᠯᠭᠡ ᠰᠤᠷᠴᠤ᠂ ᠣᠨᠴᠠᠭᠠᠢᠯᠠᠨ ᠮᠢᠨᠦ ᠠᠩᠬᠠᠷᠤᠭᠰᠠᠭᠠᠷ ᠢᠷᠡᠭᠰᠡᠨ ᠲᠤᠭᠤᠯ ᠤᠨ ᠰᠠᠭᠤᠯᠭᠠᠬᠤ᠂ ᠬᠦᠢᠰᠤ ᠶᠢᠨ ᠦᠷᠪᠢᠰᠦᠯ ᠤᠨ ᠠᠰᠠᠭᠤᠳᠠᠯ ᠢ ᠡᠨᠡ ᠤᠳᠠᠭᠠᠨ ᠤ ᠪᠣᠯᠪᠠᠰᠤᠷᠠᠯ᠋ ᠶᠢᠠᠷ ᠳᠠᠮᠵᠢᠨ ᠤᠢᠯᠠᠭᠠᠨ ᠮᠡᠳᠡᠭᠰᠨᠨ ᠪᠠᠢᠨ᠎ᠡ᠂ ᠪᠠᠰᠠ ᠤᠤᠯ ᠤᠨ ᠲᠡᠵᠢᠭᠡᠬᠦ ᠠᠷᠭ᠎ᠠ ᠪᠠᠨ ᠰᠠᠢᠵᠢᠷᠠᠭᠤᠯᠬᠤ ᠬᠡᠷᠡᠭᠲᠡᠶ ᠭᠡᠳᠡᠭ ᠢ ᠮᠡᠳᠡᠪᠡ᠃ ᠪᠢᠳᠡ ᠣᠳᠣ ᠦᠶ᠎ᠡ ᠶᠢᠨ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠢ ᠬᠡᠷᠡᠭᠯᠡᠪᠡᠯ ᠰᠠᠶ᠋ᠢ ᠰᠠᠢᠨ ᠮᠠᠯ ᠲᠡᠵᠢᠭᠡᠵᠦ ᠴᠢᠳᠠᠨ᠎ᠠ᠂ᠬᠠᠷᠢᠭᠰᠠᠨ ᠤ ᠳᠠᠷᠠᠭ᠎ᠠ ᠪᠢ ᠣᠯᠠᠨ ᠲᠦᠮᠨᠨ ᠳᠡᠭᠡᠨ ᠬᠠᠮᠤᠭ ᠲᠡᠷᠢᠭᠦᠨ ᠳᠦ ᠰᠣᠷᠣᠭᠰᠠᠨ ᠮᠡᠳᠡᠯᠭᠡ ᠪᠡᠨ ᠬᠡᠯᠡᠵᠦ ᠥᠭᠭᠦᠨ᠎ᠡ᠂ ᠮᠦᠨ ᠪᠠᠭᠰᠢ ᠶᠢᠨ ᠨᠠᠷᠢᠨ ᠬᠢᠨᠠᠮᠠᠭᠠᠶ ᠲᠠᠢᠯᠪᠤᠷᠢᠯᠠᠭᠰᠠᠨ ᠳᠤ ᠲᠠᠯᠠᠷᠬᠠᠵᠤ ᠪᠠᠢᠨ᠎ᠠ》 ᠭᠡᠪᠡ᠃

ᠡᠨᠡ ᠤᠳᠠᠭ᠎ᠠ ᠶᠢᠨ ᠪᠣᠳᠠᠲᠤ ᠬᠡᠷᠡᠭᠯᠡᠭᠡᠨ ᠦ ᠮᠡᠷᠭᠡᠵᠢᠯ ᠦᠨ ᠪᠣᠯᠪᠠᠰᠤᠷᠠᠯ ᠨᠢ ᠮᠠᠯᠴᠢᠳ ᠲᠤ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠶᠠᠪᠤᠴᠠ ᠲᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠢ ᠮᠡᠷᠭᠡᠵᠢᠯ ᠦᠨ ᠠᠰᠠᠭᠤᠳᠠᠯ ᠢ ᠰᠢᠢᠳᠪᠦᠷᠢᠯᠡᠨ ᠦᠭᠴᠤ᠂ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠦ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠶᠢᠠᠷ ᠪᠠᠷᠠᠬᠤ ᠦᠭᠡᠢ᠂ᠮᠠᠯᠴᠢᠳ ᠤᠨ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠳᠦ ᠢᠲᠡᠭᠡᠯ ᠵᠣᠷᠢᠭ ᠪᠠ ᠬᠥᠳᠡᠯᠭᠡᠬᠦ ᠬᠦᠴᠦᠨ ᠢ ᠨᠡᠮᠡᠭᠳᠡᠭᠦᠯᠦᠭᠰᠡᠨ ᠪᠠᠢᠨ᠎ᠠ᠃

ᠡᠮᠦᠨᠡᠬᠢ᠄ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠣᠷᠴᠢᠨ ᠲᠣᠭᠣᠷᠢᠨ ᠤ ᠡᠷᠡᠭᠦᠯ ᠬᠠᠮᠠᠭᠠᠯᠠᠯ ᠢ ᠶᠡᠷᠦᠩᠬᠡᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠦᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠰᠨᠨ ᠨᠢ