ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠦᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠰᠨᠨ ᠨᠢ
5 ᠰᠠᠷ᠎ᠠ ᠶᠢᠨ 15᠋ ᠤ ᠡᠳᠦᠷ᠂ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠦᠨ ᠰᠠᠨᠠᠭᠤᠯᠭ᠎ᠠ ᠶᠢ ᠲᠤᠰᠢᠶᠠᠨ ᠰᠢᠢᠳᠪᠤᠷᠢᠯᠡᠬᠦᠯᠬᠦ ᠬᠤᠷᠠᠯ ᠬᠤᠷᠠᠯᠳᠤᠪᠠ᠃ ᠬᠣᠰᠢᠭᠤᠨ ᠤ ᠨᠠᠮ ᠤᠨ ᠬᠣᠷᠢᠶᠠᠨ ᠤ ᠪᠠᠢᠩᠭᠤ ᠶᠢᠨ ᠭᠡᠰᠢᠭᠦᠨ ᠂ ᠳᠡᠳ᠋ ᠬᠣᠰᠢᠭᠤᠨ ᠳᠠᠷᠤᠭ᠎ᠠ ᠪᠠᠶ ᠬᠤᠸᠠ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠦ᠋ ᠰᠢᠶᠤᠤ ᠬᠤᠷᠠᠯ ᠳᠤ ᠣᠷᠣᠯᠴᠠᠵᠤ᠂ ᠡᠯ᠎ᠡ ᠬᠠᠷᠢᠭᠤᠴᠠᠨ ᠰᠢᠢᠳᠪᠤᠷᠢᠯᠡᠬᠦ ᠪᠠᠢᠭᠤᠯᠭ᠎ᠠ᠂ ᠬᠠᠮᠵᠢᠯᠴᠠᠠ ᠰᠢᠢᠳᠪᠤᠷᠢᠯᠡᠬᠦ ᠪᠠᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

ᠪᠠᠶ ᠬᠤᠸᠠ ᠵᠢᠭᠠᠵᠤ ᠭᠠᠷᠭᠠᠭᠰᠠᠨ ᠨᠢ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠪᠠᠢᠴᠠᠭᠠᠨ ᠰᠤᠳᠤᠯᠬᠤ ᠶᠢ ᠴᠢᠬᠤᠯᠠᠴᠢᠯᠠᠨ᠂ᠬᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠨ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠠᠶ ᠶᠠᠪᠤᠳᠠᠯ ᠠᠴᠠ ᠭᠠᠷᠳᠠᠨ᠂ ᠨᠠᠢᠳᠠᠪᠤᠷᠢᠵᠢᠭᠤᠯᠬᠤ ᠶᠢ ᠰᠠᠢᠲᠤᠷ ᠠᠳᠬᠤᠬᠤ ᠬᠡᠷᠡᠭᠲᠡᠶ᠃ᠰᠢᠢᠳᠪᠦᠷᠢᠯᠡᠬᠦ ᠨᠥᠬᠥᠴᠡᠯ ᠲᠡᠶ ᠪᠦᠬᠦᠨ ᠢ ᠲᠦᠷᠭᠡᠨ ᠰᠢᠢᠳᠪᠦᠷᠢᠯᠡᠬᠦ ᠪᠡᠷ ᠴᠢᠷᠮᠠᠢᠬᠤ ᠬᠡᠷᠡᠭᠲᠡᠶ᠃ ᠡᠯ᠎ᠡ ᠲᠠᠯ᠎ᠠ ᠶᠢᠨ ᠨᠥᠬᠥᠴᠡᠯ ᠦᠨ ᠬᠢᠵᠠᠭᠠᠷᠯᠠᠯ ᠠᠴᠠ ᠪᠣᠯᠣᠭᠠᠳ ᠲᠤᠤᠷ᠎ᠠ ᠪᠠᠨ ᠰᠢᠢᠳᠪᠦᠷᠢᠯᠡᠵᠦ ᠳᠡᠢᠯᠬᠦ ᠦᠭᠡᠢ ᠪᠣᠯ ᠠᠵᠢᠯ ᠤᠨ ᠲᠥᠯᠥᠪᠯᠡᠭᠡ ᠳᠡᠭᠡᠨ ᠣᠷᠣᠭᠤᠯᠤᠨ ᠠᠯᠬᠤᠮ ᠠᠯᠬᠤᠮ᠋ ᠶᠢᠠᠷ ᠰᠢᠢᠳᠪᠦᠷᠢᠯᠡᠵᠤ᠂ ᠲᠥᠷᠥ ᠶᠢᠨ ᠪᠣᠳᠣᠯᠭ᠎ᠠ ᠪᠤᠶᠤ ᠪᠤᠰᠤᠳ ᠰᠢᠯᠲᠠᠭᠠᠨ ᠠᠴᠠ ᠪᠣᠯᠵᠤ ᠰᠢᠢᠳᠪᠦᠷᠢᠯᠡᠬᠦ ᠶᠢᠨ ᠠᠷᠭ᠎ᠠ ᠦᠭᠡᠢ ᠠᠰᠠᠭᠤᠳᠠᠯ ᠢ ᠲᠥᠯᠥᠭᠡᠯᠡᠭᠴᠢᠳ ᠲᠦ ᠨᠠᠷᠢᠨ ᠬᠢᠨᠠᠮᠠᠭᠠᠢ ᠬᠠᠷᠢᠭᠤᠴᠠᠠ ᠲᠣᠳᠣᠷᠬᠠᠢᠯᠠᠯᠲᠠ ᠪᠠ ᠲᠠᠢᠯᠪᠤᠷᠢᠯᠠᠯᠲᠠ ᠬᠢᠵᠦ᠂ ᠲᠥᠯᠥᠭᠡᠯᠡᠭᠴᠢᠳ ᠦᠨ ᠣᠢᠯᠠᠭᠠᠯᠲᠠ ᠶᠢ ᠣᠯᠵᠤ᠂ ᠬᠠᠷᠢᠭᠤᠯᠲᠠ ᠥᠭᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠡᠷᠡᠭᠳᠡᠢ᠃ ᠰᠠᠨᠠᠯ ᠰᠠᠨᠠᠭᠤᠯᠭ᠎ᠠ ᠰᠢᠢᠳᠪᠦᠷᠢᠯᠡᠬᠦ ᠴᠠᠭ ᠤᠨ ᠬᠢᠵᠠᠭᠠᠷ᠂ ᠠᠭᠤᠯᠭ᠎ᠠ ᠵᠡᠷᠭᠡ ᠱᠠᠭᠠᠷᠳᠠᠯᠭ᠎ᠠ ᠶᠤᠰᠤᠭᠠᠷ ᠬᠠᠷᠢᠭᠤᠯᠲᠠ ᠦᠭᠬᠦ ᠳᠤ᠂ ᠪᠢᠴᠢᠭ᠌᠋ ᠶᠢᠠᠷ ᠬᠠᠷᠢᠭᠤᠯᠲᠠ ᠥᠭᠬᠦ ᠶᠢ ᠬᠢᠨᠠᠮᠠᠭᠠᠶ ᠰᠠᠢᠲᠤᠷ ᠬᠢᠵᠦ᠂ ᠦᠨᠡᠨ ᠡᠴᠡ ᠵᠥᠪ ᠢ ᠡᠷᠢᠬᠦ ᠶᠢ ᠦᠨᠡᠨᠬᠦ ᠪᠠᠲᠤᠯᠠᠨ᠂ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠳᠦ ᠬᠠᠷᠢᠭᠤᠴᠠᠬᠤ᠂ ᠠᠷᠠᠳ ᠤᠯᠠᠨ ᠳᠤ ᠬᠠᠷᠢᠭᠤᠴᠠᠬᠤ ᠶᠢ ᠪᠡᠶᠡᠯᠡᠭᠦᠯᠬᠦ ᠬᠡᠷᠡᠭᠲᠡᠶ᠃ ᠬᠣᠰᠢᠭᠤᠨ ᠤ ᠵᠠᠰᠠᠭ ᠤᠨ ᠣᠷᠳᠣᠨ ᠪᠣᠯᠤᠨ ᠪᠤᠰᠤᠳ ᠡᠯ᠎ᠡ ᠰᠠᠯᠠᠭ᠎ᠠ ᠮᠥᠴᠢᠷ ᠦᠳ ᠬᠢᠨᠠᠨ ᠪᠠᠢᠴᠠᠭᠠᠵᠤ ᠬᠢᠨᠠᠨ ᠰᠢᠯᠭᠠᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠣᠤᠯᠳᠠᠯᠭ᠎ᠠ ᠲᠠᠶ ᠱᠠᠭᠠᠷᠳᠠᠨ ᠪᠠᠢᠴᠠᠭᠠᠬᠤ᠂ ᠲᠤᠬᠠᠶ ᠶᠢᠨ ᠲᠠᠯᠠᠪᠤᠷ ᠲᠤ ᠱᠠᠭᠠᠷᠳᠠᠨ ᠭᠦᠢᠴᠡᠳᠬᠡᠬᠦ᠂ ᠲᠤᠭᠳᠠᠭᠰᠨᠨ ᠬᠤᠭᠤᠴᠠᠭ᠎ᠠ ᠲᠠᠶ ᠪᠠᠷ ᠪᠠᠢᠴᠠᠭᠠᠬᠤ ᠪᠠ ᠲᠤᠬᠢᠳᠠᠢ ᠴᠠᠭ ᠲᠤ ᠮᠡᠳᠡᠭᠳᠡᠬᠦ ᠵᠡᠷᠭᠡ ᠠᠷᠭ᠎ᠠ ᠮᠠᠶ᠋ᠢᠭ ᠢ ᠠᠪᠴᠤ᠂ ᠣᠪᠣᠷ ᠰᠤᠷᠲᠠᠯ᠋ ᠶᠢᠠᠨ ᠦᠨᠡᠨᠬᠦ ᠬᠤᠪᠢᠷᠠᠭᠤᠯᠤᠨ᠂ ᠲᠥᠯᠥᠭᠡᠯᠡᠭᠴᠢᠳ ᠲᠡᠶ ᠨᠢᠭᠲᠠ ᠬᠠᠷᠢᠯᠴᠠᠵᠤ᠂ ᠵᠣᠬᠢᠴᠠᠭᠤᠯᠭ᠎ᠠ ᠪᠠᠨ ᠬᠢᠨᠠᠮᠠᠭᠠᠶ ᠰᠠᠢᠲᠤᠷ ᠬᠢᠵᠦ ᠂ ᠰᠠᠨᠠᠯ ᠰᠠᠨᠠᠭᠤᠯᠭ᠎ᠠ ᠶᠢ ᠰᠢᠩᠭᠡᠭᠡᠨ ᠠᠪᠴᠤ᠂ᠲᠥᠯᠥᠭᠡᠯᠡᠭᠴᠢᠳ ᠢ ᠤᠷᠢᠵᠤ ᠬᠠᠮᠲᠤ ᠳᠤᠨᠢ ᠪᠠᠢᠴᠠᠭᠠᠨ ᠰᠤᠳᠤᠯᠤᠯᠲᠠ ᠬᠢᠵᠦ᠂ ᠰᠢᠢᠳᠪᠦᠷᠢᠯᠡᠬᠦ ᠠᠵᠢᠯ ᠳᠤ ᠣᠷᠣᠯᠴᠠᠨ᠂ ᠰᠢᠢᠳᠪᠦᠷᠢᠯᠡᠬᠦ ᠠᠵᠢᠯ ᠋ ᠤᠨ ᠴᠢᠨᠠᠷ ᠴᠢᠨᠰᠠᠭ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠰᠠᠨᠠᠯ ᠰᠠᠨᠠᠭᠤᠯᠭ᠎ᠠ ᠶᠢ ᠭᠦᠢᠴᠡᠳᠬᠡᠬᠦ ᠶᠠᠪᠤᠴᠠ ᠶᠢ ᠦᠨᠡᠨᠬᠦ ᠪᠠᠲᠤᠯᠠᠬᠤ ᠬᠡᠷᠡᠭᠲᠡᠶ᠃ᠡᠭᠦᠨ ᠦ ᠳᠦ ᠬᠠᠮᠲᠤ᠂ ᠥᠩᠭᠡᠷᠡᠭᠡᠭᠰᠡᠨ ᠳᠦ ᠰᠠᠢᠨ ᠰᠢᠢᠳᠪᠦᠷᠢᠯᠡᠵᠦ ᠴᠢᠳᠠᠭᠰᠠᠨ ᠦᠭᠡᠢ ᠰᠠᠨᠠᠭᠤᠯᠭ᠎ᠠ ᠳᠤ᠂ ᠮᠥᠷᠳᠡᠨ ᠨᠠᠢᠳᠠᠪᠤᠷᠢᠵᠢᠭᠤᠯᠬᠤ ᠡᠷᠴᠢᠮ᠋ ᠶᠢᠠᠨ ᠦᠷᠭᠦᠯᠵᠢᠯᠡᠨ ᠴᠢᠩᠭᠠᠷᠠᠭᠤᠯᠵᠤ᠂ ᠡᠷᠬᠡᠪᠰᠢ ᠰᠢᠢᠳᠪᠦᠷᠢᠯᠡᠬᠦ ᠬᠡᠷᠡᠭᠲᠡᠶ ᠭᠡᠵᠡᠢ᠃

ᠦ᠋ ᠰᠢᠶᠤᠤ ᠡᠴᠨ ᠂ ᠡᠯ᠎ᠡ ᠬᠠᠷᠢᠭᠤᠴᠠᠨ ᠰᠢᠢᠳᠪᠦᠷᠢᠯᠡᠬᠦ ᠪᠠᠢᠭᠤᠯᠭ᠎ᠠ ᠪᠠ ᠬᠠᠮᠵᠢᠯᠴᠠᠨ ᠰᠢᠢᠳᠪᠤᠷᠢᠯᠡᠬᠦ ᠪᠠᠢᠭᠤᠯᠭ᠎ᠠ ᠨᠠᠷᠢᠨ ᠬᠢᠨᠠᠮᠠᠭᠠᠢ ᠬᠠᠷᠢᠭᠤᠴᠠᠵᠤ᠂ᠢᠳᠡᠪᠬᠢᠲᠡᠢ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠴᠠᠭ ᠲᠤᠬᠠᠶ ᠳᠤᠨᠢ ᠰᠢᠢᠳᠪᠦᠷᠢᠯᠡᠨ ᠬᠠᠷᠢᠭᠤᠯᠲᠠ ᠥᠭᠴᠦ᠂ ᠲᠥᠯᠥᠭᠡᠯᠡᠭᠴᠢ ᠳᠤ ᠨᠢᠭᠤᠷᠳᠠᠨ ᠬᠠᠷᠢᠭᠤᠯᠲᠠ ᠥᠭᠬᠦ ᠶᠢ ᠱᠠᠭᠠᠷᠳᠠᠭᠰᠠᠨ ᠪᠠᠢᠪᠠᠯ᠂ ᠲᠠᠷᠨ ᠶᠤᠰᠤᠭᠠᠷ᠋ ᠨᠢ ᠬᠠᠷᠢᠭᠤᠯᠲᠠ ᠥᠭᠬᠦ ᠬᠡᠷᠡᠭᠲᠡᠶ᠃ ᠴᠢᠬᠤᠯᠠ ᠰᠠᠨᠠᠯ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤ᠂ ᠲᠤᠰᠬᠠᠶ ᠰᠡᠳᠦᠪᠲᠦ ᠪᠠᠢᠴᠠᠭᠠᠨ ᠰᠤᠳᠤᠯᠤᠯᠲᠠ ᠶᠢ ᠵᠣᠬᠢᠶᠠᠨ ᠪᠠᠢᠭᠤᠯᠵᠤ᠂ ᠬᠣᠯᠪᠣᠭᠳᠠᠯ ᠪᠦᠬᠦᠢ ᠲᠥᠯᠥᠭᠡᠯᠡᠭᠴᠢ ᠪᠠ ᠪᠠᠢᠭᠤᠯᠭ᠎ᠠ ᠶᠢᠨ ᠬᠠᠷᠢᠭᠤᠴᠠᠯᠭᠠᠳᠠᠨ ᠢ ᠤᠷᠢᠵᠤ ᠶᠠᠷᠢᠯᠴᠠᠨ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠬᠠᠮᠲᠤᠪᠠᠷ ᠰᠤᠳᠤᠯᠬᠤ ᠬᠡᠷᠡᠭᠲᠡᠶ᠃ ᠡᠯ᠎ᠡ ᠬᠠᠷᠢᠭᠤᠴᠠᠨ ᠰᠢᠢᠳᠪᠤᠷᠢᠯᠡᠬᠦ ᠪᠠᠢᠭᠤᠯᠭ᠎ᠠ ᠡᠴᠨ ᠰᠠᠨᠠᠯ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠵᠢᠯ ᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠭᠠᠵᠤ᠂ ᠠᠷᠠᠳ ᠤᠨ ᠲᠥᠯᠥᠭᠡᠯᠡᠭᠴᠢᠳ ᠦᠨ ᠡᠷᠬᠡ ᠶᠢ ᠬᠦᠨᠳᠦᠳᠬᠡᠬᠦ ᠪᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠵᠢᠴᠢ ᠲᠡᠭᠦᠨ ᠦ ᠪᠠᠢᠩᠭ᠋ᠤ ᠶᠢᠨ ᠬᠣᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠪᠤᠶᠤ ᠲᠥᠪ ᠭᠣᠤᠯᠴᠢ ᠪᠠᠷ ᠬᠠᠤᠯᠢ ᠪᠠᠷᠢᠬᠤ ᠶᠢ ᠲᠦᠯᠬᠢᠨ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠨ᠂ ᠲᠥᠯᠥᠭᠡᠯᠡᠭᠴᠢᠳ ᠪᠣᠯᠤᠨ ᠠᠷᠠᠳ ᠤᠯᠠᠨ ᠲᠠᠶ ᠬᠠᠷᠢᠯᠴᠠᠬᠤ᠂ ᠠᠷᠠᠳ ᠤᠯᠠᠨ ᠤ ᠤᠶᠤᠨ ᠤᠬᠠᠭᠠᠨ ᠢ ᠦᠷᠭᠡᠨ ᠶᠢᠠᠷ ᠲᠥᠪᠯᠡᠷᠡᠭᠦᠯᠬᠦ ᠶᠢ ᠴᠢᠬᠤᠯᠠ ᠠᠷᠭ᠎ᠠ ᠵᠠᠮ ᠪᠤᠯᠭᠠᠨ ᠨᠠᠷᠢᠯᠢᠭ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃

ᠬᠤᠷᠠᠯ ᠳᠡᠭᠡᠷ᠎ᠡ ᠂ ᠬᠣᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠠᠴᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢᠨ ᠵᠠᠳᠠᠯᠤᠯᠳᠠ ᠶᠢᠨ ᠪᠠᠢᠳᠠᠯ ᠢ ᠲᠠᠨᠢᠯᠴᠠᠭᠤᠯᠪᠠ᠃