ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠪᠠᠶᠠᠨᠰᠠᠩ ᠨᠠᠷ ᠠᠷᠤ ᠬᠤᠷᠴᠢᠨ ᠬᠤᠰᠢᠭᠤᠨ ᠤ ᠨᠡᠬᠦᠳᠠᠯ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ
5 ᠰᠠᠷ᠎ᠠ ᠶᠢᠨ20᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ᠂ ᠭᠠᠳᠠᠰᠤ ᠦᠷᠡᠰ ᠮᠠᠯᠵᠢᠯ ᠤᠨ ᠲᠠᠯᠠᠪᠠᠢ ᠶᠢᠨ ᠲᠠᠷᠤᠭ᠎ᠠ ᠪᠠᠶᠠᠨᠰᠠᠩ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠵᠦᠪᠯᠡᠯ᠂ ᠠᠯᠪᠠᠨ ᠭᠡᠷ ᠪᠠ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠭᠡᠷᠴᠢᠯᠠᠭᠤ ᠰᠤᠮᠤ ᠶᠢᠨ ᠭᠤᠤᠯ ᠬᠠᠷᠢᠭᠤᠴᠠᠯᠭᠠᠳᠠᠨ ᠢ ᠲᠠᠭᠠᠭᠤᠯᠤᠨ᠂ ᠠᠷᠤ ᠬᠤᠷᠴᠢᠨ ᠬᠤᠰᠢᠭᠤᠨ ᠤ ᠨᠡᠬᠦᠳᠡᠯ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠳᠤ ᠪᠠᠢᠴᠠᠭᠠᠨ ᠰᠤᠳᠤᠯᠤᠯᠳᠠ ᠬᠢᠪᠡ᠃



ᠰᠢᠨᠵᠢᠯᠡᠨ ᠪᠠᠢᠴᠠᠭᠠᠬᠤ ᠲᠤᠭᠤᠢᠯᠠᠩ ᠰᠠᠭᠤᠳᠠᠯ ᠤᠨ ᠬᠤᠷᠠᠯ ᠬᠤᠷᠠᠯᠳᠤᠭᠤᠯᠤᠨ᠂ ᠠᠷᠤ ᠬᠤᠷᠴᠢᠨ ᠬᠤᠰᠢᠭᠤᠨ ᠤ ᠲᠠᠯ᠎ᠠ ᠨᠤᠳᠤᠭ ᠤᠨ ᠨᠡᠬᠦᠳᠠᠯ ᠮᠠᠯᠵᠢᠯ ᠤᠨ ᠰᠢᠰᠲ᠋ᠸᠮ ᠤᠨ ᠦᠨᠳᠤᠰᠤᠨ ᠪᠠᠢᠳᠠᠯ ᠵᠢᠴᠢ ᠤᠯᠤᠭᠰᠨᠨ ᠦᠷ᠎ᠠ ᠪᠦᠳᠤᠮᠵᠢ ᠶᠢ ᠨᠠᠷᠢᠯᠢᠭ ᠤᠢᠯᠠᠭᠠᠬᠤ ᠶᠢᠨ ᠬᠠᠮᠳᠤ᠂ ᠨᠡᠬᠦᠳᠠᠯ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠤᠨ ᠲᠠᠷᠢᠬᠦᠨ ᠤ ᠲᠤᠷᠰᠢᠯᠭ᠎ᠠ ᠨᠡᠢᠳᠡᠯᠢᠭ᠌ ᠬᠢᠳᠠᠯ ᠠᠷᠭ᠎ᠠ ᠶᠢᠨ ᠲᠤᠭᠤᠷᠢᠨ ᠳᠤ ᠬᠦᠨᠵᠡᠭᠡᠢ ᠰᠤᠯᠢᠯᠴᠠᠨ ᠶᠠᠷᠢᠯᠴᠠᠪᠠ᠃

ᠠᠷᠤ ᠬᠤᠷᠴᠢᠨ ᠬᠤᠰᠢᠭᠤ ᠶᠢᠨ ᠨᠡᠬᠦᠳᠠᠯ ᠤᠨ ᠰᠢᠰᠲ᠋ᠸᠮ ᠪᠤᠯ ᠶᠡᠭᠡ ᠬᠢᠩᠭᠠᠨ ᠲᠠᠪᠠᠭᠠᠨ ᠤ ᠪᠠᠷᠠᠭᠤᠨ ᠡᠮᠤᠨᠡᠳᠤ ᠰᠤᠳᠠᠯ ᠳᠤ ᠪᠠᠢᠷᠢᠯᠠᠵᠤ᠂ ᠬᠤᠷᠴᠢᠨ ᠤ ᠲᠠᠯ᠎ᠠ ᠨᠤᠳᠤᠭ ᠪᠠ ᠰᠢᠯᠢ ᠶᠢᠨ ᠭᠤᠤᠯ ᠤᠨ ᠲᠠᠯ᠎ᠠ ᠨᠤᠳᠤᠭ ᠤᠨ ᠠᠭᠤᠯᠵᠠᠷ ᠪᠦᠰᠨ᠂ ᠨᠢᠭᠡᠨ ᠦᠨᠢ ᠤᠳᠠᠭᠠᠨ ᠲᠠᠤᠭᠡ ᠲᠠᠢ ᠪᠠᠢᠭᠠᠯᠢ ᠶᠢᠨ ᠮᠠᠯᠵᠢᠯ ᠤᠨ ᠲᠠᠯᠠᠪᠠᠢ ᠪᠤᠯᠤᠨ᠎ᠡ᠃ ᠠᠷᠤ ᠬᠤᠷᠴᠢᠨ ᠬᠤᠰᠢᠭᠤᠨ ᠤ ᠬᠠᠮᠤᠭ ᠬᠤᠢᠳᠤ ᠭᠡᠰᠡᠭ ᠲᠤ ᠤᠷᠤᠰᠢᠵᠤ ᠪᠠᠢᠭ᠎ᠠ ᠪᠠᠶᠠᠨ᠍ᠠᠦ᠋ᠨᠳᠤᠷ ᠰᠤᠮᠤ ᠪᠤᠯ 6 ᠨᠡᠬᠦᠳᠠᠯ ᠮᠠᠯᠵᠢᠯ ᠤᠨ ᠲᠦᠪ ᠤᠷᠤᠨ ᠢ ᠪᠠᠭᠳᠠᠭᠠᠨ᠂ ᠳ᠋ᠠᠯᠠᠷ ᠤᠨ ᠭᠤᠤᠯ᠂ ᠰᠡᠬᠦᠵᠢ ᠶᠢᠨ ᠭᠤᠤᠯ ᠪᠠ ᠬᠠᠬᠢᠷ ᠤᠨ ᠭᠤᠤᠯ ᠤᠷᠤᠰᠤᠨ ᠦᠩᠭᠡᠷᠡᠵᠤ᠂ᠶᠡᠷᠤᠩᠭᠡᠢ ᠲᠠᠯᠠᠪᠠᠢ ᠨᠢ 500 ᠲᠦᠮᠨᠨ ᠮᠤ᠂ 23 ᠭᠠᠴᠠᠭ᠎ᠠ ᠲᠠᠢ᠂5533 ᠡᠷᠤᠭᠡ᠂ 15103 ᠮᠠᠯᠴᠢᠨ ᠲᠠᠢ ᠬᠤᠯᠪᠤᠭᠳᠠᠨᠡ᠃ 2014 ᠤᠨ ᠤ 6 ᠰᠠᠷ᠎ᠠ ᠳᠤ᠂ ᠪᠠᠶᠠ᠍ᠨ᠍ᠠᠦ᠋ᠨᠳᠤᠷ ᠲᠠᠯ᠎ᠠ ᠨᠤᠳᠤᠭ ᠶᠢᠠᠷ ᠲᠦᠪ ᠪᠤᠯᠭᠠᠭᠰᠨᠨ ᠭᠤᠭᠤᠰᠳᠠᠢ ᠬᠠᠨ ᠠᠭᠤᠯᠨ ᠤᠯᠤᠰ ᠤᠨ ᠲᠠᠰ ᠤᠨ ᠪᠠᠢᠭᠠᠯᠢ ᠶᠢᠨ ᠬᠠᠮᠠᠭᠠᠯᠠᠯᠳᠠ ᠶᠢᠨ ᠤᠷᠤᠨ᠂ᠯᠢᠭᠳᠡᠨ ᠬᠠᠭᠠᠨ ᠤ ᠴᠠᠭᠠᠨᠬᠤᠳᠠ ᠤᠷᠳᠤᠨ ᠬᠠᠷᠰᠢ ᠶᠢᠨ ᠪᠠᠭᠤᠷᠢ᠂ ᠬᠠᠠ ᠰᠦᠮ᠎ᠡ᠂ ᠭᠧᠮᠫᠢ ᠶᠢᠨ ᠰᠦᠮ᠎ᠡ ᠵᠡᠷᠭᠡ ᠲᠠᠤᠭᠡ ᠶᠢᠨ ᠲᠤᠷᠠᠰᠬᠠᠯᠳᠤ ᠪᠤᠳᠠᠰ ᠵᠢᠴᠢ ᠲᠠᠯ᠎ᠠ ᠨᠤᠳᠤᠭ ᠤᠨ ᠨᠡᠬᠦᠳᠠᠯᠴᠢᠨ ᠦᠨᠳᠤᠰᠤᠳᠠᠨ ᠤ ᠡᠯ᠎ᠠ ᠲᠦᠷᠤᠯ ᠤᠨ ᠤᠯᠠᠮᠵᠢᠯᠠᠯᠳᠤ ᠰᠤᠶᠤᠯ ᠤᠨ ᠠᠷᠤ ᠬᠤᠷᠴᠢᠨ ᠲᠠᠯ᠎ᠠ ᠨᠤᠳᠤᠭ ᠤᠨ ᠨᠡᠬᠦᠳᠠᠯ ᠮᠠᠯᠵᠢᠯ ᠤᠨ ᠰᠢᠰᠲ᠋ᠸᠮ ᠢ ᠨᠢᠭᠡᠳᠭᠡᠵᠤ᠂ ᠬᠤᠶᠠᠳᠤᠭᠠᠷ ᠪᠦᠯᠦᠭ ᠤᠨ《ᠲᠤᠮᠳᠠᠳᠤ ᠤᠯᠤᠰ ᠤᠨ ᠴᠢᠬᠤᠯᠨ ᠲᠠᠷᠢᠶᠠᠯᠠᠩ ᠤᠨ ᠰᠤᠶᠤᠯ ᠤᠨ ᠦᠪ》᠋᠋ ᠳᠤ ᠵᠢᠭᠰᠠᠭᠠᠭᠳᠠᠨ᠂2018 ᠤᠨ ᠳᠤ ᠪᠦᠬᠦ ᠪᠦᠮᠪᠤᠷᠴᠡᠭ᠌ ᠤᠨ ᠴᠢᠬᠤᠯᠨ ᠲᠠᠷᠢᠶᠠᠯᠠᠩ ᠤᠨ ᠰᠤᠶᠤᠯ ᠤᠨ ᠦᠪ ᠤᠨ ᠮᠡᠳᠡᠬᠦᠯᠤᠯᠳᠠ ᠶᠢᠨ ᠠᠵᠢᠯ ᠢ ᠡᠬᠢᠯᠡᠬᠦᠯᠵᠤ᠂ ᠤᠳᠤᠬᠠᠨ ᠳᠤ ᠨᠢᠭᠡᠨᠳᠠ ᠪᠦᠬᠦ ᠪᠦᠮᠪᠤᠷᠴᠡᠭ᠌ ᠤᠨ ᠴᠢᠬᠤᠯᠨ ᠲᠠᠷᠢᠶᠠᠯᠠᠩ ᠤᠨ ᠰᠤᠶᠤᠯ ᠤᠨ ᠦᠪ ᠤᠨ ᠮᠡᠳᠡᠬᠦᠯᠤᠯᠳᠠ ᠶᠢᠨ ᠨᠡᠷᠡᠰ ᠤᠨ ᠵᠢᠭᠰᠠᠭᠠᠯᠳᠠ ᠳᠤ ᠤᠷᠤᠪᠠ᠃
ᠰᠢᠨᠵᠢᠯᠡᠨ ᠪᠠᠢᠴᠠᠭᠠᠬᠤ ᠲᠤᠭᠤᠢᠯᠠᠩ ᠤᠨ ᠬᠢᠨ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠨᠡᠬᠦᠳᠠᠯ ᠰᠤᠶᠤᠯ ᠢ ᠬᠠᠮᠠᠭᠠᠯᠠᠠ ᠤᠯᠠᠮᠵᠢᠯᠠᠬᠤ ᠠᠵᠢᠯ ᠢ ᠲᠠᠭᠡᠳᠤ ᠭᠡᠮᠵᠢᠶ᠎ᠠ ᠪᠡᠷ ᠬᠦᠨᠳᠤᠳᠭᠡᠨ ᠦᠵᠡᠵᠤ᠂ ᠠᠷᠭ᠎ᠠ ᠭᠡᠮᠵᠢᠶ᠎ᠠ ᠬᠦᠴᠤᠳᠠᠢ᠂ᠦᠷ᠎ᠠ ᠪᠦᠳᠤᠮᠵᠢ ᠢᠯᠡᠳᠳᠠ ᠪᠤᠯᠪᠠ ᠭᠡᠵᠤ ᠢᠯᠡᠷᠭᠡᠢᠯᠡᠵᠡᠭᠡᠪᠡ᠃ ᠰᠢᠨᠵᠢᠯᠡᠨ ᠪᠠᠢᠴᠠᠭᠠᠬᠤ ᠲᠤᠭᠤᠢᠯᠠᠩ ᠤᠨ ᠪᠦᠷᠢᠯᠳᠤᠬᠦᠨ ᠭᠡᠰᠢᠬᠦᠤᠨ ᠡᠴᠨ ᠲᠤᠰ ᠤᠳᠠᠭᠠᠨ ᠤ ᠪᠠᠢᠴᠠᠭᠠᠨ ᠰᠤᠳᠤᠯᠤᠯᠳᠠ ᠤᠯᠤᠯᠳᠠ ᠶᠡᠭᠡ ᠭᠡᠵᠤ ᠰᠠᠨᠠᠯ ᠨᠢᠭᠡᠳᠠᠢ ᠦᠵᠡᠵᠡᠭᠡᠵᠤ᠂ ᠵᠠᠷᠤᠤᠨ ᠬᠤᠰᠢᠭᠤᠨ ᠤ ᠨᠡᠬᠦᠳᠠᠯ ᠮᠠᠯᠵᠢᠯ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠳᠤ ᠤᠯᠠᠨ ᠠᠷᠪᠢᠨ ᠲᠤᠯᠢ ᠪᠤᠯᠭᠠᠨ ᠲᠠᠭᠤᠷᠢᠶᠠᠵᠤ ᠪᠤᠯᠬᠤ ᠲᠠᠷᠢᠬᠦᠨ ᠤ ᠲᠤᠷᠰᠢᠯᠭ᠎ᠠ ᠠᠷᠭ᠎ᠠ ᠬᠢᠳᠠᠯ ᠬᠠᠩᠭᠠᠨ᠂ ᠠᠵᠢᠯ ᠤᠨ ᠰᠡᠳᠬᠢᠮᠵᠢ ᠶᠢ ᠤᠯᠠᠮ ᠨᠢᠭᠡ ᠠᠯᠬᠤᠮ ᠨᠡᠭᠡᠭᠡᠭᠰᠨᠨ ᠪᠠᠢᠨ᠎ᠡ᠃ ᠬᠤᠶᠠᠷ ᠲᠠᠯ᠎ᠠ ᠪᠠᠷ ᠶᠢᠠᠨ ᠤᠯᠤᠯᠳᠠ ᠰᠤᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠤᠶᠠᠷ ᠭᠠᠵᠠᠷ ᠤᠨ ᠨᠡᠬᠦᠳᠠᠯ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠬᠠᠮᠳᠤᠪᠠᠷ ᠲᠦᠯᠬᠢᠨ ᠠᠬᠢᠭᠤᠯᠬᠤ ᠶᠢ ᠬᠦᠰᠡᠵᠤ ᠪᠠᠢᠨ᠎ᠡ ᠭᠡᠵᠡᠭᠡᠪᠡ᠃



ᠰᠢᠨᠵᠢᠯᠡᠨ ᠪᠠᠢᠴᠠᠭᠠᠬᠤ ᠲᠤᠭᠤᠢᠯᠠᠩ ᠤᠨ ᠬᠢᠨ ᠪᠠᠰᠨ ᠠᠷᠤ ᠬᠤᠷᠴᠢᠨ ᠬᠤᠰᠢᠭᠤᠨ ᠤ ᠬᠠᠨ ᠰᠦᠮ᠎ᠡ ᠰᠤᠮᠤᠨ ᠤ ᠵᠢᠷᠤᠭᠡ ᠭᠠᠴᠠᠭ᠎ᠠ ᠶᠢᠨ ᠴᠤᠭᠳᠤ ᠬᠠᠨ ᠲᠤᠰᠬᠠᠢ ᠬᠤᠷᠰᠢᠶᠠᠵᠢᠯ᠂ ᠲᠢᠶᠠᠨᠱᠠᠨ《᠋ ᠴᠡᠪᠡᠷ》ᠴᠠᠭᠠᠨ ᠢᠳᠡᠭᠡᠨ ᠤ ᠲᠠᠯᠭᠡᠬᠦᠷ ᠢ ᠲᠤᠭᠤᠷᠢᠨ ᠦᠵᠡᠪᠡ᠃