ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠡᠬᠢᠯᠡᠯᠳᠠ ᠶᠢᠨ ᠶᠤᠰᠤᠯᠠᠯ ᠢ ᠲᠦᠪᠯᠡᠷᠡᠨ ᠬᠦᠯᠢᠶᠡᠨ ᠠᠪᠴᠤ ᠦᠵᠡᠭᠰᠨᠨ ᠨᠢ

5ᠰᠠᠷ᠎ᠠ ᠶᠢᠨ22᠋᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠡᠴᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠡᠬᠢᠯᠡᠯᠳᠠ ᠶᠢᠨ ᠬᠤᠷᠠᠯ᠋ ᠤᠨ ᠠᠬᠤᠢ ᠪᠠᠢᠳᠠᠯ ᠤᠨ ᠰᠢᠭᠤᠤᠨ ᠨᠡᠪᠳᠡᠷᠡᠬᠦᠯᠭᠡ ᠶᠢ ᠲᠦᠪᠯᠡᠷᠡᠨ ᠬᠦᠯᠢᠶᠡᠨ ᠠᠪᠴᠤ ᠦᠵᠡᠪᠡ᠃ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠢᠳ ᠯᠢ ᠺᠸ ᠴᠢᠶᠠᠩ ᠤᠨ ᠬᠢᠭᠰᠡᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠮᠠᠭᠠᠢ ᠰᠤᠨᠤᠰᠪᠠ᠃

ᠯᠢ ᠺᠸ ᠴᠢᠶᠠᠩ ᠶᠡᠷᠤᠩᠭᠡᠢ ᠰᠠᠢᠳ ᠤᠨ ᠬᠢᠭᠰᠡᠨ ᠠᠵᠢᠯ ᠤᠨ ᠢᠯᠡᠳᠭᠡᠯ ᠨᠢ ᠮᠠᠨ ᠤ ᠤᠯᠤᠰ ᠤᠨ2019 ᠤᠨ ᠪᠠ ᠡᠨ᠋ᠨ ᠵᠢᠯ ᠡᠴᠨ ᠨᠠᠰᠢᠬᠢ ᠠᠵᠢᠯ ᠤᠨ ᠠᠮᠵᠢᠯᠳᠠ ᠶᠢ ᠪᠤᠰᠤᠳᠴᠢ ᠪᠡᠷ ᠳᠦ᠋ᠩᠨᠡᠬᠦ ᠶᠢᠨ ᠬᠠᠮᠳᠤ᠂ ᠡᠨ᠋ᠨ ᠵᠢᠯ ᠤᠨ ᠬᠦᠭᠵᠢᠯᠳᠡ ᠶᠢᠨ ᠭᠤᠤᠯ ᠬᠠᠷᠠᠯᠳᠠ ᠪᠠ ᠲᠠᠷᠠᠭᠠᠴᠢ ᠶᠢᠨ ᠠᠵᠢᠯ ᠳᠤ ᠨᠠᠷᠢᠨ ᠪᠠᠢᠷᠢᠯᠠᠭᠤᠯᠤᠯᠳᠠ ᠬᠢᠪᠡ᠃ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ᠂ ᠠᠵᠤ ᠠᠬᠤᠢᠯᠠᠯ ᠢ ᠬᠦᠴᠤᠯᠠᠨ ᠲᠤᠭᠳᠠᠪᠤᠷᠢᠵᠢᠭᠤᠯᠤᠨ ᠠᠵᠢᠯ ᠤᠯᠭᠤᠯᠳᠠ ᠶᠢ ᠪᠠᠳᠤᠯᠠᠬᠤ᠂ ᠬᠦᠭᠵᠢᠯᠳᠠ ᠶᠢᠨ ᠰᠢᠨ᠎ᠡ ᠬᠦᠳᠡᠯᠭᠡᠭᠴᠢ ᠡᠨ᠋ᠸᠷᠬᠢ ᠶᠢ ᠨᠡᠮᠡᠳᠡᠬᠦᠯᠬᠦ᠂ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠶᠢ ᠲᠦᠷᠭᠡᠳᠭᠡᠨ ᠬᠤᠪᠢᠷᠠᠭᠤᠯᠬᠤ᠂ ᠲᠠᠷᠢᠶᠠᠯᠠᠩ ᠤᠨ ᠡᠯᠪᠡᠭ ᠬᠤᠷᠢᠶᠠᠯᠳᠠ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠪᠡᠯᠨ ᠮᠦᠩᠬᠦ ᠶᠢᠨ ᠦᠨᠳᠤᠰᠤᠨ ᠦᠨ᠎ᠡ ᠶᠢ ᠲᠤᠭᠳᠠᠪᠤᠷᠢᠵᠢᠭᠤᠯᠬᠤ᠂ ᠨᠡᠢᠭᠡᠮ ᠤᠨ ᠠᠵᠤ ᠠᠬᠤᠢᠯᠠᠯ ᠤᠨ ᠦᠭᠡᠷᠡᠴᠢᠯᠡᠯᠳᠠ ᠶᠢᠨ ᠬᠦᠭᠵᠢᠯᠳᠠ ᠵᠡᠷᠭᠡ ᠲᠠᠯ᠎ᠠ ᠪᠡᠷ ᠬᠠᠷᠠᠯᠳᠠ ᠪᠠ ᠡᠬᠦᠷᠭᠡ ᠶᠢ ᠲᠤᠷᠠᠳᠤᠨ ᠭᠠᠷᠭᠠᠪᠠ᠃


ᠬᠦᠯᠢᠶᠡᠨ ᠠᠪᠴᠤ ᠦᠵᠡᠬᠦ ᠶᠠᠪᠤᠴᠨ ᠳᠤ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠤᠳᠤᠷᠢᠳᠤᠯᠭ᠎ᠠ ᠪᠠ ᠺᠠᠳ᠋ᠷ ᠠᠵᠢᠯᠳᠠᠳ ᠡᠴᠨ ᠪᠦᠬᠦ ᠰᠡᠳᠬᠢᠯ ᠶᠢᠠᠷ ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠢᠳ ᠯᠢ ᠺᠸ ᠴᠢᠶᠠᠩ ᠤᠨ ᠬᠢᠭᠰᠡᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠰᠤᠨᠤᠰᠬᠤ ᠶᠢᠨ ᠬᠠᠮᠳᠤ᠂ ᠲᠠᠮᠳᠡᠭᠯᠡᠯ ᠬᠢᠵᠤ ᠬᠤᠷᠠᠯ ᠤᠨ ᠵᠤᠷᠢᠭ ᠰᠠᠨᠠᠭ᠎ᠠ ᠶᠢᠨ ᠨᠠᠷᠢᠯᠢᠭ ᠤᠢᠯᠠᠭᠠᠭᠰᠨᠨ ᠪᠠᠢᠨ᠎ᠡ᠃
ᠡᠬᠢᠯᠡᠯᠳᠠ ᠶᠢᠨ ᠬᠤᠷᠠᠯ ᠤᠨ ᠰᠢᠭᠤᠤᠨ ᠨᠡᠪᠳᠡᠷᠡᠬᠦᠯᠭᠡ ᠶᠢ ᠬᠦᠯᠢᠶᠠᠨ ᠠᠪᠴᠤ ᠦᠵᠡᠭᠰᠨᠨ ᠤ ᠲᠠᠷᠠᠭ᠎ᠠ᠂ ᠪᠠᠢᠭᠤᠯᠭ᠎ᠠ ᠶᠢᠨ ᠺᠠᠳ᠋ᠷ ᠠᠵᠢᠯᠳᠠᠳ ᠬᠤᠷᠠᠯ ᠤᠨ ᠠᠭᠤᠯᠭ᠎ᠠ ᠶᠢ ᠬᠦᠭᠵᠢᠶᠡᠨᠳᠠᠢ ᠶᠠᠷᠢᠯᠴᠠᠵᠤ ᠰᠤᠯᠢᠯᠴᠠᠪᠠ᠃