ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠮᠠᠨ ᠤ ᠬᠣᠰᠢᠭᠤᠨ ᠳᠤ ᠢᠷᠡᠵᠦ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠠᠤᠯᠢ》᠋ ᠶᠢᠨ ᠬᠠᠤᠯᠢ ᠬᠡᠷᠡᠭᠵᠢᠭᠦᠯᠦᠯᠲᠡ ᠶᠢᠨ ᠪᠠᠢᠴᠠᠭᠠᠯᠲᠠ ᠥᠷᠨᠢᠭᠦᠯᠦᠭᠰᠨᠨ ᠨᠢ

5 ᠰᠠᠷ᠎ᠠ ᠶᠢᠨ 26᠋ ᠤ ᠡᠳᠦᠷ᠂ ᠲᠦᠩᠯᠢᠶᠣᠤ ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠶᠢᠨ ᠲᠠᠷᠢᠶᠠᠯᠠᠩ ᠮᠠᠯᠵᠢᠬᠤ ᠣᠷᠣᠨ ᠤ ᠠᠵᠢᠯ ᠤᠨ ᠵᠥᠪᠯᠡᠯ ᠦᠨ ᠡᠷᠬᠢᠯᠡᠭᠴᠢ ᠯᠢᠦᠶ ᠵᠠᠨ ᠹᠠᠩ ᠨᠠᠷ ᠮᠠᠨ ᠤ ᠬᠣᠰᠢᠭᠤᠨ ᠳᠤ ᠢᠷᠡᠵᠦ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠦ ᠬᠠᠤᠯᠢ》᠋ ᠶᠢᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠢᠴᠠᠭᠠᠯᠲᠠ ᠬᠢᠪᠠ ᠃ ᠬᠣᠰᠢᠭᠤᠨ ᠤ ᠨᠠᠮ ᠤᠨ ᠬᠣᠷᠢᠶᠠᠨ ᠤ ᠪᠠᠢᠩᠭᠤ ᠶᠢᠨ ᠭᠡᠰᠢᠭᠦᠨ᠂ ᠳᠡᠳ᠋ ᠬᠣᠰᠢᠭᠤᠨ ᠳᠠᠷᠤᠭ᠎ᠠ ᠪᠠᠶ ᠬᠤᠸᠠ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠰᠥᠩ ᠯᠢᠶᠠᠨ ᠡᠾᠦ᠋ᠢ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠪᠠᠷ᠎ᠠ ᠪᠣᠯᠵᠣ ᠪᠠᠢᠴᠠᠭᠠᠬᠤ ᠪᠤᠶᠤ ᠰᠠᠭᠤᠳᠠᠯ ᠤᠨ ᠬᠤᠷᠠᠯ ᠳᠤ ᠣᠷᠣᠯᠴᠠᠪᠠ ᠃

ᠬᠠᠤᠯᠢ ᠬᠡᠷᠡᠭᠵᠢᠭᠦᠯᠦᠯᠲᠠ ᠶᠢᠨ ᠪᠠᠢᠴᠠᠭᠠᠬᠤ ᠳᠤᠭᠤᠢᠯᠠᠩ ᠤᠨ ᠬᠢᠨ ᠤᠷᠢᠳ ᠬᠣᠵᠢᠳ ᠯᠦᠪᠧᠶ ᠪᠠᠯᠭᠠᠰᠤᠨ ᠤ ᠰᠢᠶᠤᠤ ᠵᠢᠩ ᠽᠢ ᠲᠣᠰᠬᠣᠨ ᠤ ᠶᠦᠩ ᠰᠢᠩ ᠵᠢᠭᠦᠷᠲᠡᠨ ᠠᠮᠢᠳᠠᠨ ᠦ ᠤᠢᠯᠡᠰ ᠦᠨ ᠬᠣᠷᠰᠢᠶᠠᠵᠢᠯ ᠂ ᠢᠦᠶ ᠱᠤ ᠳᠦᠨ ᠲᠣᠰᠬᠣᠨ ᠤ ᠢᠦᠶ ᠯᠢᠶᠠᠩ ᠦᠷᠡᠰ ᠬᠣᠨᠢᠨ ᠤ ᠲᠠᠯᠠᠪᠠᠶ᠂ ᠵᠠᠷᠤᠳ ᠬᠣᠰᠢᠭᠤᠨ ᠤ ᠬᠠᠢ᠋ ᠳ᠋ᠢ ᠯᠤᠤ ᠢᠳᠡᠭᠡᠨ ᠤ ᠬᠢᠵᠠᠭᠠᠷᠲᠤ ᠺᠣᠮᠫᠠᠨᠢ ᠳᠤ ᠬᠦᠨᠵᠡᠭᠡᠢᠷᠡᠨ᠂ ᠲᠠᠷᠢᠶᠠᠯᠠᠩ ᠤᠨ ᠪᠦᠲᠦᠭᠡᠭᠳᠡᠬᠦᠨ ᠦ ᠦᠢᠯᠡᠳᠪᠦᠷᠢᠯᠡᠯ ᠦᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠠᠮᠢᠶ᠎ᠠ ᠪᠦᠬᠦᠢ ᠦᠢᠯᠡᠳᠪᠦᠷᠢᠯᠡᠯ᠂ ᠡᠵᠡᠩᠨᠡᠯᠲᠡ᠂ ᠪᠣᠷᠣᠯᠠᠭᠤᠯᠤᠯᠲᠠ᠂ ᠬᠢᠨᠠᠯᠲᠠ ᠬᠠᠮᠢᠶᠠᠷᠤᠯᠲᠠ ᠪᠠ ᠪᠠᠢᠴᠠᠭᠠᠨ ᠰᠢᠯᠭᠠᠬᠤ ᠲᠥᠬᠥᠭᠡᠷᠦᠮᠵᠢ ᠶᠢᠨ ᠪᠠᠢᠳᠠᠯ ᠢ ᠲᠤᠬᠠᠶ ᠶᠢᠨ ᠭᠠᠵᠠᠷ ᠲᠤᠨᠢ ᠪᠠᠢᠴᠠᠭᠠᠨ ᠦᠵᠡᠪᠡ᠃

ᠲᠤᠬᠠᠶ ᠶᠢᠨ ᠭᠠᠵᠠᠷ ᠲᠤ ᠪᠠᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠵᠤ ᠂ ᠵᠠᠷᠤᠳ ᠬᠣᠰᠢᠭᠤᠨ ᠤ ᠵᠠᠰᠠᠭ ᠤᠨ ᠣᠷᠳᠣᠨ ᠤ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠦ ᠬᠠᠤᠯᠢ》᠋ ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ ᠤᠨ ᠲᠤᠬᠠᠶ ᠬᠠᠷᠢᠭᠤ ᠮᠡᠳᠡᠭᠦᠯᠦᠯᠲᠡ᠋ ᠶᠢ ᠰᠣᠨᠣᠰᠪᠠ ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠪᠠᠢᠴᠠᠭᠠᠬᠤ ᠳᠤᠭᠤᠢᠯᠠᠩ ᠤᠨ ᠬᠢᠨ ᠡᠴᠨ ᠵᠠᠷᠤᠳ ᠬᠣᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠦ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠠᠷᠭ᠎ᠠ ᠪᠠᠷᠢᠯ ᠪᠠ ᠦᠷ᠎ᠡ ᠪᠦᠲᠦᠮᠵᠢ ᠶᠢ ᠭᠦᠢᠴᠡᠳ ᠨᠤᠳᠠᠯᠠᠬᠤ ᠶᠢᠨ ᠬᠠᠮᠲᠤ ᠴᠢᠬᠤᠯᠠᠴᠢᠯᠠᠭᠰᠠᠨ ᠨᠢ ᠄ ᠨᠢᠭᠡ ᠳᠦ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠦ ᠴᠢᠬᠤᠯᠠ ᠴᠢᠨᠠᠷ ᠤᠨ ᠲᠠᠨᠢᠯᠲᠠ ᠪᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭᠠᠲᠦ ᠰᠡᠳᠬᠢᠯᠭᠡ ᠪᠡᠨ ᠤᠯᠠᠮ ᠨᠢᠭᠡ ᠠᠯᠬᠤᠮ ᠴᠢᠩᠭᠠᠳᠬᠠᠬᠤ ᠭᠡᠷᠡᠭᠳᠡᠢ᠃ ᠬᠣᠶᠠᠷ ᠲᠤ ᠬᠠᠤᠯᠢ ᠬᠡᠷᠡᠭᠵᠢᠭᠦᠯᠬᠦ ᠰᠠᠨᠠᠯ ᠤᠨ ᠨᠠᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠰᠠᠢᠲᠤᠷ ᠠᠳᠬᠤᠵᠤ ᠂ ᠠᠵᠢᠯᠲᠠᠨ ᠂ ᠵᠠᠷᠤᠳᠠᠯ ᠂ ᠠᠵᠢᠯ ᠤᠨ《ᠭᠤᠷᠪᠠ ᠶᠢ ᠪᠣᠳᠠᠲᠠᠢᠵᠢᠭᠤᠯᠬᠤ》᠋ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠳᠦᠷᠢᠮ ᠦᠨ ᠪᠠᠢᠭᠤᠯᠤᠯᠲᠠ ᠶᠢ ᠰᠠᠢᠲᠤᠷ ᠠᠳᠬᠤᠵᠤ᠂ ᠬᠠᠷᠢᠭᠤᠴᠠᠯᠭ᠎ᠠ ᠶᠢᠨ ᠨᠠᠢᠳᠠᠪᠤᠷᠢᠵᠢᠯᠲᠠ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠪᠡ ᠳᠦ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠵᠠᠷᠤᠳᠠᠯ ᠤᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠢᠨᠠᠨ ᠬᠠᠮᠢᠶᠠᠷᠬᠤ ᠰᠢᠨᠵᠢᠯᠡᠬᠦ ᠤᠬᠠᠭᠠᠨᠨᠴᠢ ᠮᠡᠷᠭᠡᠵᠢᠯ ᠦᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ ᠭᠡᠵᠡᠢ᠃