ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ᠁
ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ ᠪᠠᠶᠠᠷᠲᠤᠬᠣᠰᠢᠭᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠵᠢᠯᠣᠭᠣᠳᠤᠨ ᠲᠦᠯᠬᠢᠨ ᠠᠬᠢᠭᠤᠯᠤᠭᠰᠨᠨ ᠨᠢ

5ᠰᠠᠷ᠎ᠠ ᠶᠢᠨ 28᠋ ᠤ ᠡᠳᠦᠷ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ ᠬᠤᠪᠢᠶᠠᠨ ᠲᠠᠭᠠᠭᠠᠴᠢᠯᠠᠭᠰᠨᠨ ᠪᠠᠶᠠᠷᠲᠤᠬᠤᠰᠢᠭᠤ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠵᠢᠯᠣᠭᠣᠳᠤᠨ ᠲᠦᠯᠬᠢᠨ ᠠᠬᠢᠭᠤᠯᠬᠤ ᠶᠢᠨ ᠬᠠᠮᠳᠤ᠂ ᠬᠤᠪᠤᠯᠲᠤ ᠭᠠᠴᠠᠭᠠᠨ ᠤ ᠶᠠᠳᠠᠭᠤ ᠶᠢ ᠵᠥᠪᠯᠡᠬᠦ ᠠᠵᠢᠯ ᠤᠨ ᠬᠤᠷᠠᠯ ᠳᠤ ᠣᠷᠣᠯᠴᠠᠪᠠ᠃

     


     

     ᠪᠠᠶᠠᠨᠰᠠᠩ ᠡᠷᠬᠢᠯᠡᠭᠴᠢ ᠤᠷᠢᠳ ᠬᠣᠵᠢᠳ ᠪᠢᠷᠢᠮᠳᠠ ᠭᠠᠴᠠᠭᠠᠨ ᠤ ᠪᠠᠶᠠᠨ ᠬᠦᠳᠡᠭᠡ ᠦᠬᠡᠷ ᠲᠡᠵᠢᠭᠡᠬᠦ ᠬᠣᠷᠰᠢᠶᠠᠵᠢᠯ ᠵᠢᠴᠢ ᠤᠳᠤ ᠪᠡᠷ ᠪᠦᠲᠦᠭᠡᠨ ᠪᠠᠢᠭᠤᠯᠵᠤ ᠪᠠᠢᠭ᠎ᠠ ᠪᠠᠶᠠᠠᠠᠭᠤᠯᠨ ᠭᠠᠴᠠᠭᠠᠨ ᠤ ᠮᠠᠨᠳᠤᠬᠤ ᠲᠡᠵᠢᠭᠡᠨ ᠦᠷᠡᠵᠢᠭᠦᠯᠬᠦ ᠬᠣᠷᠰᠢᠶᠠᠵᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ ᠂ ᠭᠠᠴᠠᠭᠠᠨ ᠤ ᠠᠵᠤ ᠦᠢᠯᠡᠰ᠋ ᠶᠢᠠᠷ ᠶᠠᠳᠠᠭᠤ ᠶᠢ ᠲᠡᠳᠬᠦᠬᠦ ᠲᠥᠷᠥᠯ ᠵᠦᠢᠯ ᠦᠨ ᠪᠦᠲᠦᠭᠡᠨ ᠪᠠᠢᠭᠤᠯᠤᠯᠲᠠ ᠶᠢᠨ ᠪᠠᠢᠳᠠᠯ ᠪᠠ ᠬᠣᠷᠰᠢᠶᠠᠵᠢᠯ ᠤᠨ ᠡᠵᠡᠩᠨᠡᠯᠲᠡ ᠶᠢᠨ ᠣᠳᠣᠬᠢ ᠪᠠᠢᠳᠠᠯ ᠢ ᠨᠠᠷᠢᠨ ᠣᠢᠯᠠᠭᠠᠪᠠ᠃

     ᠪᠠᠶᠠᠨᠰᠠᠩ ᠡᠷᠬᠢᠯᠡᠭᠴᠢ᠂ ᠠᠵᠤ ᠤᠢᠯᠡᠰ ᠶᠢᠠᠷ ᠶᠠᠳᠠᠭᠤ ᠶᠢ ᠲᠡᠳᠬᠦᠬᠦ ᠶᠢ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠡᠬᠢᠵᠢᠭᠦᠯᠬᠦ᠂ ᠭᠠᠴᠠᠭ᠎ᠠ ᠲᠣᠰᠬᠣᠨ ᠤ ᠬᠠᠮᠲᠤ ᠶᠢᠨ ᠠᠵᠤ ᠠᠬᠤᠶ ᠶᠢ ᠪᠤᠵᠠᠭᠠᠢᠷᠠᠭᠤᠯᠬᠤ᠂ ᠮᠠᠯᠴᠢᠨ ᠲᠠᠷᠢᠶᠠᠴᠢᠨ ᠢ ᠳᠠᠢᠴᠢᠯᠠᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠴᠢᠬᠤᠯᠠ ᠠᠷᠭ᠎ᠠ ᠵᠠᠮ ᠪᠣᠯᠭᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ  ᠤ ᠪᠠᠢᠳᠠᠯ  ᠳᠠᠭᠠᠨ ᠲᠣᠬᠢᠷᠠᠭᠤᠯᠤᠨ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠤᠨ᠂ ᠬᠣᠷᠰᠢᠶᠠᠵᠢᠯ ᠤᠨ ᠰᠠᠭᠤᠷᠢ ᠲᠦᠬᠦᠭᠡᠷᠤᠮᠵᠢ  ᠶᠢᠨ ᠪᠦᠲᠦᠭᠡᠨ ᠪᠠᠢᠭᠤᠯᠤᠯᠲᠠ  ᠶᠢ ᠲᠠᠰᠤᠷᠠᠯᠲᠠ ᠦᠭᠡᠢ ᠲᠦᠷᠭᠡᠳᠬᠡᠵᠦ᠂ ᠠᠵᠤ ᠦᠢᠯᠡᠰ ᠦᠨ ᠬᠡᠪᠴᠢᠶ᠎ᠡ ᠶᠢ ᠴᠢᠬᠤᠯᠠᠴᠢᠯᠠᠠ᠂ ᠵᠠᠬ᠎ᠠ ᠲᠠᠯᠭᠡᠬᠦᠷᠴᠢᠯᠡᠯᠳᠠ ᠶᠢᠨ ᠠᠷᠭ᠎ᠠ ᠮᠠᠶ᠋ᠢᠭ  ᠶᠢᠠᠷ ᠭᠠᠴᠠᠭ᠎ᠠ ᠲᠣᠰᠬᠣᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠬᠡᠷᠡᠭᠲᠡᠶ᠃ ᠨᠠᠮ ᠤᠨ ᠪᠠᠢᠭᠤᠯᠤᠯᠲᠠ ᠪᠠᠷ ᠬᠤᠷᠰᠢᠶᠠᠵᠢᠯ ᠢ ᠬᠥᠲᠥᠯᠥᠨ ᠳᠠᠭᠠᠭᠤᠯᠵᠤ ᠠᠵᠤ ᠦᠢᠯᠡᠰ ᠦᠨ ᠬᠥᠭᠵᠢᠯᠲᠡ ᠳᠦ ᠬᠦᠴᠦᠨ ᠨᠡᠮᠡᠷᠢᠯᠡᠬᠦ ᠶᠢ ᠭᠦᠢᠴᠡᠳ ᠪᠠᠳᠠᠷᠠᠭᠤᠯᠤᠨ᠂ ᠨᠢᠭᠲᠠᠷᠠᠭᠰᠠᠨ ᠬᠡᠯᠪᠡᠷᠢ ᠶᠢᠨ ᠲᠠᠷᠢᠶᠠᠴᠢᠨ ᠪᠠ ᠠᠵᠤ ᠠᠬᠤᠢᠯᠠᠯ ᠤᠨ ᠠᠰᠢᠭ ᠲᠤᠰᠠ ᠶᠢ ᠬᠣᠯᠪᠣᠬᠤ ᠲᠣᠭᠲᠠᠴᠠ ᠶᠢ ᠬᠠᠢᠨ ᠰᠦᠪᠡᠭᠴᠢᠯᠡᠵᠦ᠂ ᠤᠯᠠᠨ ᠲᠦᠮᠡᠨ ᠢ ᠲᠠᠢᠢᠴᠢᠯᠠᠨ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠭᠡᠷᠡᠭᠳᠡᠢ ᠭᠡᠵᠤ ᠶᠠᠷᠢᠪᠠ᠃

     ᠲᠡᠵᠢᠭᠡᠨ ᠦᠷᠡᠵᠢᠭᠦᠯᠬᠦ ᠬᠣᠷᠰᠢᠶᠠᠵᠢᠯ ᠪᠠᠢᠭᠤᠯᠬᠤ ᠪᠣᠯ ᠬᠤᠪᠤᠯᠲᠤ ᠭᠠᠴᠠᠭᠠᠨ ᠤ ᠲᠣᠰ ᠤᠳᠠᠭᠠᠨ ᠤ ᠶᠠᠳᠠᠭᠤ ᠶᠢ ᠵᠥᠪᠯᠡᠬᠦ ᠠᠵᠢᠯ ᠤᠨ ᠬᠤᠷᠠᠯ ᠤᠨ ᠴᠢᠬᠤᠯᠠ ᠠᠭᠤᠯᠭ᠎ᠠ ᠶᠢᠨ ᠨᠢᠭᠡ ᠨᠢ ᠪᠣᠯᠤᠨ᠎ᠠ᠂ ᠡᠨᠡᠬᠦ ᠵᠥᠪᠯᠡᠬᠦ ᠰᠡᠳᠦᠪ ᠦᠨ ᠲᠣᠭᠣᠷᠢᠨ ᠳᠤ ᠬᠤᠷᠠᠯ ᠳᠤ ᠣᠷᠣᠯᠴᠠᠭᠰᠠᠳ ᠨᠠᠷᠢᠨ ᠨᠢᠭᠲᠠ ᠰᠣᠯᠢᠯᠴᠠᠨ ᠶᠠᠷᠢᠯᠴᠠᠵᠠᠶ ᠃ ᠭᠠᠴᠠᠭᠠᠨ ᠤ《ᠬᠣᠶᠠᠷ ᠵᠥᠪᠯᠡᠯ》᠋ ᠤᠨ ᠤᠳᠤᠷᠢᠳᠬᠤ ᠪᠠᠭ ᠂ ᠲᠣᠰᠬᠣᠨ ᠳᠤ ᠰᠠᠭᠤᠭ᠎ᠠ ᠠᠵᠢᠯᠯᠠᠬᠤ ᠠᠩᠭᠢ᠂ ᠨᠠᠮ ᠤᠨ ᠭᠡᠰᠢᠭᠦᠨ ᠦ ᠲᠥᠯᠥᠭᠡᠯᠡᠭᠴᠢ᠂ ᠲᠣᠰᠬᠣᠨ ᠤ ᠠᠷᠠᠳ ᠤᠨ ᠲᠥᠯᠥᠭᠡᠯᠡᠭᠴᠢ ᠪᠠ ᠬᠡᠰᠡᠭ ᠶᠠᠳᠠᠭᠤ ᠠᠴᠠ ᠠᠩᠭᠢᠵᠢᠷᠠᠭᠰᠠᠨ ᠡᠷᠦᠬᠡ ᠤᠨ ᠬᠢᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠂ ᠪᠠᠶᠠᠨᠰᠠᠩ ᠡᠷᠬᠢᠯᠡᠭᠴᠢ ᠱᠠᠭᠠᠷᠳᠠᠭᠰᠠᠨ ᠨᠢ᠂ ᠲᠡᠵᠢᠭᠡᠨ ᠦᠷᠡᠵᠢᠭᠦᠯᠬᠦ ᠬᠡᠪᠴᠢᠶ᠎ᠡ ᠪᠡᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠣᠷᠰᠢᠶᠠᠵᠢᠯ ᠤᠨ ᠡᠵᠡᠩᠨᠡᠯᠲᠡ ᠬᠠᠮᠢᠶᠠᠷᠤᠯᠲᠠ᠂ ᠬᠤᠪᠢ ᠤᠷᠤᠭᠤᠯᠤᠨ ᠠᠰᠢᠭ ᠬᠤᠪᠢᠶᠠᠬᠤ᠂ ᠮᠠᠯ ᠰᠦᠷᠦᠭ ᠦᠨ ᠬᠢᠵᠢᠭ᠌ ᠢ ᠰᠡᠷᠭᠡᠢᠯᠡᠬᠦ ᠵᠡᠷᠭᠡ ᠲᠥᠰᠦᠯ ᠢ ᠬᠢᠨᠠᠮᠠᠭᠠᠶ ᠰᠤᠳᠤᠯᠤᠨ ᠲᠣᠭᠲᠠᠭᠠᠵᠤ᠂ ᠬᠣᠷᠰᠢᠶᠠᠵᠢᠯ ᠪᠠᠢᠭᠤᠯᠤᠨ ᠠᠵᠢᠯᠯᠠᠭᠤᠯᠬᠤ ᠳᠤ ᠰᠠᠢᠨ ᠰᠠᠢᠬᠠᠨ ᠰᠠᠭᠤᠷᠢ ᠶᠢ ᠲᠠᠯᠪᠢᠬᠤ ᠬᠡᠷᠡᠭᠲᠡᠶ᠃ ᠥᠷᠭᠡᠨ ᠳᠡᠯᠭᠡᠷ ᠶᠢᠠᠷ ᠤᠬᠠᠭᠤᠯᠤᠨ ᠳᠠᠢᠴᠢᠯᠠᠵᠤ᠂ ᠮᠠᠯᠴᠢᠳ ᠤᠨ ᠦᠬᠡᠷ ᠲᠡᠵᠢᠭᠡᠬᠦ ᠢᠳᠡᠪᠬᠢᠵᠢᠯ ᠢ ᠲᠠᠰᠤᠷᠠᠯᠲᠠ ᠦᠭᠡᠢ ᠬᠥᠭᠵᠢᠭᠡᠨ᠂ ᠲᠡᠵᠢᠭᠡᠨ ᠦᠷᠡᠵᠢᠭᠦᠯᠬᠦ ᠬᠤᠷᠰᠢᠶᠠᠵᠢᠯ ᠢ ᠬᠥᠭᠵᠢᠭᠦᠯᠬᠦ ᠪᠡᠷ ᠳᠠᠮᠵᠢᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠢᠷᠠᠭᠤᠯᠤᠨ᠂ ᠨᠠᠩ ᠣᠯᠠᠨ ᠮᠠᠯᠴᠢᠳ ᠢ ᠳᠠᠢᠴᠢᠯᠠᠨ ᠠᠵᠢᠯ ᠣᠯᠭᠣᠨ ᠪᠠᠶᠠᠵᠢᠭᠤᠯᠵᠤ᠂ ᠠᠵᠤ ᠦᠢᠯᠡᠰ ᠦᠨ ᠬᠥᠭᠵᠢᠯᠲᠡ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠦᠨᠡᠨᠬᠦ ᠪᠡᠶᠡᠯᠡᠭᠦᠯᠬᠦ ᠭᠡᠷᠡᠭᠳᠡᠢ ᠭᠡᠵᠡᠢ᠃

ᠡᠮᠦᠨᠡᠬᠢ᠄ ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠮᠠᠨ ᠤ ᠬᠣᠰᠢᠭᠤᠨ ᠳᠤ ᠢᠷᠡᠵᠦ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠦ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠠᠤᠯᠢ》᠋ ᠶᠢᠨ ᠬᠠᠤᠯᠢ ᠬᠡᠷᠡᠭᠵᠢᠭᠦᠯᠦᠯᠲᠡ ᠶᠢᠨ ᠪᠠᠢᠴᠠᠭᠠᠯᠲᠠ ᠥᠷᠨᠢᠭᠦᠯᠦᠭᠰᠨᠨ ᠨᠢ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠶᠢᠨ ᠠᠷᠪᠠᠨ ᠨᠠ᠍ᠢ᠍ᠮᠠᠳᠤᠭᠠᠷ ᠬᠤᠷᠠᠯ ᠬᠤᠷᠠᠯᠳᠤᠭᠰᠠᠠ ᠨᠢ