ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠣᠰᠢᠭᠤᠨ ᠤ ᠠᠷᠪᠠᠨ ᠵᠢᠷᠭᠤᠳᠤᠭᠠᠷ᠁
ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠶᠢᠨ ᠠᠷᠪᠠᠨ ᠨᠠ᠍ᠢ᠍ᠮᠠᠳᠤᠭᠠᠷ ᠬᠤᠷᠠᠯ ᠬᠤᠷᠠᠯᠳᠤᠭᠰᠠᠠ ᠨᠢ


 

6 ᠰᠠᠷ᠎ᠠ ᠶᠢᠨ 2 ᠋ ᠤ ᠡᠳᠦᠷ᠂ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠠᠷᠪᠠᠨ ᠨᠠᠢ᠍ᠮᠠᠳᠤᠭᠠᠷ ᠬᠤᠷᠠᠯ ᠬᠤᠷᠠᠯᠳᠤᠵᠤ᠂ ᠬᠣᠰᠢᠭᠤᠨ ᠤ ᠠᠷᠠᠳ ᠤᠨ ᠲᠥᠯᠥᠭᠡᠯᠡᠭᠴᠢᠳ  ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ᠂ ᠳᠡᠳ᠋ ᠡᠷᠬᠢᠯᠡᠭᠴᠢ ᠦ᠋ ᠰᠢᠶᠤᠤ᠂ ᠪᠦ᠋ ᠮᠤᠤ ᠰᠢᠶᠠᠩ᠂ ᠦᠷᠡᠪᠠᠲᠤ᠂ ᠰᠦᠩ ᠯᠢᠶᠠᠨ ᠾᠤᠢ᠍ᠢ ᠬᠤᠷᠠᠯ ᠳᠤ ᠣᠷᠣᠯᠴᠠᠠ ᠂ᠬᠣᠰᠢᠭᠤᠨ ᠤ ᠨᠠᠮ ᠤᠨ ᠬᠣᠷᠢᠶᠠᠨ ᠤ ᠪᠠᠢᠩᠭᠤ ᠶᠢᠨ ᠭᠡᠰᠢᠭᠦᠨ᠂ ᠵᠣᠬᠢᠶᠠᠨ ᠪᠠᠢᠭᠤᠯᠬᠤ ᠬᠡᠯᠲᠡᠰ ᠦᠨ ᠳᠠᠷᠤᠭ᠎ᠠ ᠵᠠᠩ ᠬᠠᠨ ᠰᠦᠩ᠂ ᠳᠡᠳ᠋ ᠬᠣᠰᠢᠭᠤᠨ ᠳᠠᠷᠤᠭ᠎ᠠ ᠯᠢ ᠶᠦᠩ ᠬᠠᠶ ᠵᠢᠴᠢ《ᠨᠢᠭᠡ ᠵᠥᠪᠯᠡᠯ ᠬᠣᠶᠠᠷ ᠬᠣᠷᠢᠶ᠎ᠠ 》᠋ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ ᠂ᠪᠠᠶᠠᠨᠰᠠᠩ ᠬᠤᠷᠠᠯ ᠡᠷᠭᠢᠯᠡᠪᠡ᠃

ᠲᠤᠰ ᠤᠳᠠᠭᠠᠨ ᠤ ᠬᠤᠷᠠᠯᠳᠤᠭᠠᠨ ᠳᠤ ᠤᠷᠤᠯᠴᠠᠬᠤ ᠪᠠᠢᠩᠭᠤ ᠶᠢᠨ ᠬᠣᠷᠢᠶᠠᠨ ᠤ ᠭᠡᠰᠢᠭᠦᠨ 30 ᠨᠡᠷᠡᠰ᠂ ᠪᠣᠳᠠᠲᠠᠶ ᠤᠷᠤᠯᠴᠠᠭᠰᠠᠠ ᠨᠢ 26 ᠨᠡᠷᠡᠰ᠂ ᠬᠠᠤᠯᠢ ᠳᠤ ᠲᠣᠭᠲᠠᠭᠠᠭᠰᠠᠨ ᠬᠥᠮᠦᠨ ᠦ ᠲᠣᠭ᠎ᠠ ᠳᠤ ᠨᠡᠢᠴᠡᠨ᠎ᠡ᠃

ᠬᠤᠷᠠᠯ ᠳᠡᠭᠡᠷ᠎ᠡ ᠺᠠᠳ᠋ᠷ ᠢ ᠲᠤᠰᠢᠶᠠᠯ ᠳᠤ ᠲᠣᠮᠢᠯᠠᠬᠤ ᠪᠠᠭᠤᠯᠭᠠᠬᠤ ᠶᠢ ᠶᠠᠪᠤᠭᠳᠠᠭᠤᠯᠵᠤ᠂ ᠯᠢ ᠶᠦᠩ ᠬᠠᠶ ᠡᠴᠨ ᠺᠠᠳ᠋ᠷ ᠢ ᠲᠤᠰᠢᠶᠠᠯ ᠳᠤ ᠲᠣᠮᠢᠯᠠᠬᠤ ᠪᠠᠭᠤᠯᠭᠠᠬᠤ ᠠᠵᠢᠯ ᠤᠨ ᠲᠤᠬᠠᠶ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ  ᠶᠢ ᠤᠩᠰᠢᠨ ᠨᠡᠢᠲᠡᠯᠡᠪᠡ᠃ᠵᠠᠩ ᠬᠠᠨ ᠰᠦᠩ ᠡᠴᠨ ᠶᠠᠩ ᠼᠠᠢ ᠰᠢᠶᠠ ᠶᠢᠨ ᠲᠣᠪᠴᠢ ᠨᠠᠮᠲᠠᠷ ᠢ ᠲᠠᠨᠢᠯᠴᠠᠭᠤᠯᠪᠠ᠃ ᠶᠠᠩ ᠭᠧ ᠬᠤᠸᠠ ᠡᠴᠨ ᠺᠠᠳ᠋ᠷ ᠢ ᠲᠤᠰᠢᠶᠠᠯ ᠳᠤ ᠲᠣᠮᠢᠯᠠᠬᠤ ᠪᠠᠭᠤᠯᠭᠠᠬᠤ ᠬᠠᠤᠯᠢ ᠴᠠᠭᠠᠵᠠ ᠶᠢᠨ ᠲᠤᠰᠢᠶᠠᠯ ᠳᠤ ᠳᠡᠪᠰᠢᠭᠦᠯᠬᠦ ᠳᠤᠷᠠᠳᠤᠯᠭ᠎ᠠ ᠶᠢ ᠤᠩᠰᠢᠨ ᠨᠡᠢᠲᠡᠯᠡᠭᠰᠡᠨ ᠪᠥᠭᠡᠳ ᠲᠤᠰᠢᠶᠠᠯ ᠳᠤ ᠲᠣᠮᠢᠯᠠᠬᠤ ᠪᠠᠷ ᠪᠠᠢᠭ᠎ᠠ ᠺᠠᠳ᠋ᠷ ᠤᠨ ᠲᠣᠪᠴᠢ ᠨᠠᠮᠲᠠᠷ ᠢ ᠲᠠᠨᠢᠯᠴᠠᠭᠤᠯᠪᠠ᠃

ᠬᠤᠷᠠᠯ ᠠᠴᠠ ᠭᠠᠷ ᠡᠷᠭᠦᠨ ᠪᠠᠲᠤᠯᠠᠬᠤ ᠪᠡᠷ ᠲᠠᠮᠵᠢᠨ᠂ ᠶᠦᠩ ᠱᠧᠩ ᠦᠨ ᠬᠠᠷᠢᠭᠤᠴᠠᠭᠰᠨᠨ ᠬᠤᠩᠬᠠᠳᠤ ᠠᠭᠤᠯᠨ ᠰᠢᠭᠦᠬᠦ ᠲᠢᠩᠬᠢᠮ  ᠦᠨ ᠳᠠᠷᠤᠭ᠎ᠠ ᠶᠢᠨ ᠲᠤᠰᠢᠶᠠᠯ᠂ ᠷᠸᠨ ᠯᠢ ᠵᠢᠶᠦ᠋ᠨ  ᠦ ᠬᠠᠷᠢᠭᠤᠴᠠᠭᠰᠨᠨ ᠵᠢᠷᠤᠭᠡ ᠰᠢᠭᠦᠬᠦ ᠲᠢᠩᠬᠢᠮ  ᠦᠨ ᠳᠠᠷᠤᠭ᠎ᠠ  ᠶᠢᠨ ᠲᠤᠰᠢᠶᠠᠯ᠂ ᠴᠡᠩᠭᠡᠯ ᠤᠨ ᠬᠠᠷᠢᠭᠤᠴᠠᠭᠰᠨᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠭᠦᠢᠴᠡᠳᠬᠡᠬᠦ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠨᠢ ᠤᠭᠴᠠᠷᠠᠭᠤᠯᠪᠠ᠃


ᠬᠤᠷᠠᠯ ᠳᠡᠭᠡᠷ᠎ᠡ ᠲᠤᠰᠢᠶᠠᠯ ᠳᠤ ᠲᠣᠮᠢᠯᠠᠬᠤ ᠪᠠᠷ ᠪᠠᠢᠭ᠎ᠠ ᠺᠠᠳ᠋ᠷ ᠡᠴᠨ ᠲᠤᠰᠢᠶᠠᠯ ᠬᠠᠷᠢᠭᠤᠴᠠᠬᠤ ᠶᠠᠷᠢᠶ᠎ᠠ ᠲᠠᠯᠪᠢᠵᠤ ᠂ ᠬᠤᠷᠠᠯ  ᠠᠴᠠ ᠪᠢᠯᠧᠲ᠋ ᠥᠭᠴᠦ ᠰᠤᠩᠭᠤᠬᠤ ᠪᠡᠷ ᠲᠠᠮᠵᠢᠨ᠂ ᠶᠠᠩ ᠼᠠᠢ ᠰᠢᠶᠠ  ᠶᠢ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠣᠰᠢᠭᠤᠨ ᠳᠠᠷᠤᠭ᠎ᠠ᠂ ᠶᠦᠩ ᠱᠧᠩ  ᠢ ᠪᠠᠶᠠᠷᠲᠤᠬᠤᠰᠢᠭᠤ ᠰᠢᠭᠦᠬᠦ ᠲᠢᠩᠬᠢᠮ ᠦᠨ ᠳᠠᠷᠤᠭ᠎ᠠ᠂ ᠷᠧᠨ ᠯᠢ ᠵᠢᠶᠦ᠋ᠨ  ᠢ ᠬᠤᠩᠬᠠᠳᠤ ᠠᠭᠤᠯᠨ ᠰᠢᠭᠦᠬᠦ ᠲᠢᠩᠬᠢᠮ ᠦᠨ ᠳᠠᠷᠤᠭ᠎ᠠ᠂ ᠴᠡᠩᠬᠡᠷ  ᠢ ᠵᠢᠷᠤᠭᠡ ᠰᠢᠭᠦᠬᠦ ᠲᠢᠩᠬᠢᠮ ᠦᠨ ᠳᠠᠷᠤᠭ᠎ᠠ  ᠪᠠᠷ ᠲᠤᠮᠢᠯᠠᠪᠠ᠃ ᠪᠠᠶᠠᠨᠰᠠᠩ ᠰᠢᠨ᠎ᠡ ᠪᠡᠷ ᠲᠤᠰᠢᠶᠠᠯ ᠳᠤ ᠲᠣᠮᠢᠯᠠᠭᠳᠠᠭᠰᠠᠳ ᠲᠤ ᠲᠤᠮᠢᠯᠠᠯ ᠤᠨ ᠦᠨᠡᠮᠯᠡᠯ ᠣᠯᠭᠣᠭᠰᠨᠨ ᠪᠠ ᠰᠢᠨ᠎ᠡ ᠪᠡᠷ ᠲᠤᠰᠢᠶᠠᠯ ᠳᠤ ᠲᠤᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃

ᠪᠠᠶᠠᠨᠰᠠᠩ ᠱᠠᠭᠠᠷᠳᠠᠭᠰᠠᠨ ᠨᠢ ᠂ ᠰᠢᠨ᠎ᠡ ᠲᠤᠰᠢᠶᠠᠯ ᠬᠠᠷᠢᠭᠤᠴᠠᠭᠰᠨᠨ ᠨᠥᠬᠥᠳ ᠲᠠᠩᠭᠠᠷᠢᠭ ᠶᠢᠠᠨ ᠪᠠᠲᠤ ᠴᠡᠭᠡᠵᠢᠯᠡᠵᠦ ᠂ ᠦᠨᠳᠦᠰᠦᠨ ᠬᠠᠤᠯᠢ ᠳᠤ ᠦᠨᠡᠨᠴᠢ ᠪᠠᠢᠵᠤ᠂ ᠦᠨᠳᠦᠰᠦᠨ ᠬᠠᠤᠯᠢ ᠶᠢ ᠵᠢᠷᠤᠮᠯᠠᠨ ᠰᠠᠬᠢᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠠᠷᠠᠳ ᠲᠦᠮᠡᠨ ᠳᠤ ᠠᠵᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠤ᠂ ᠰᠤᠷᠤᠯᠴᠠᠯᠭ᠎ᠠ ᠪᠠᠨ ᠴᠢᠩᠭᠠᠳᠬᠠᠨ᠂ ᠤᠨᠤᠯ ᠤᠨ ᠦᠢᠯᠡᠳᠦᠯᠭᠡ ᠶᠢ ᠵᠢᠯᠣᠭᠣᠳᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠪᠡᠨ ᠦᠨᠡᠨ ᠬᠦ ᠴᠢᠩᠭᠠᠳᠬᠠᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠵᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠤᠨ᠂ ᠬᠠᠤᠯᠢ ᠶᠢ ᠵᠠᠪᠠᠯ ᠵᠢᠷᠤᠮᠯᠠᠬᠤ ᠬᠡᠷᠡᠭᠲᠡᠶ᠂ ᠬᠠᠤᠯᠢ ᠬᠡᠷᠡᠭᠵᠢᠭᠦᠯᠬᠦ ᠳᠡᠭᠡᠨ ᠡᠷᠬᠡᠪᠰᠢ ᠴᠢᠩᠭ᠎ᠠ ᠪᠠᠢᠵᠤ ᠂ ᠠᠷᠠᠳ ᠤᠨ ᠠᠮᠢᠳᠤᠷᠠᠯ᠂ ᠲᠣᠭᠲᠠᠭᠤᠨ᠂ ᠬᠥᠭᠵᠢᠯᠲᠡ ᠶᠢ ᠪᠠᠲᠤᠯᠠᠬᠤ ᠪᠠ ᠥᠷᠭᠡᠨ ᠣᠯᠠᠨ ᠠᠷᠠᠳ ᠲᠦᠮᠡᠨ ᠦ ᠦᠨᠳᠦᠰᠦᠨ ᠠᠰᠢᠭ ᠲᠤᠰᠠ ᠶᠢ ᠬᠠᠮᠠᠭᠠᠯᠠᠬᠤ ᠪᠠᠷ ᠡᠬᠢᠯᠡᠯᠲᠡ ᠪᠣᠯᠭᠠᠵᠤ᠂ᠠᠵᠢᠯ ᠤᠨ ᠪᠠᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠰᠠᠢᠲᠤᠷ ᠭᠦᠢᠴᠡᠳᠬᠡᠨ᠂ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠢᠢᠨ ᠺᠠᠳ᠋ᠷ ᠪᠣᠯᠬᠤ ᠬᠡᠷᠡᠭᠲᠡᠶ᠃ ᠰᠠᠢᠨ ᠰᠠᠢᠬᠠᠨ ᠳᠦᠷᠢ ᠲᠥᠷᠬᠦ᠂ ᠲᠣᠭ ᠲᠡᠮᠳᠡᠭ ᠪᠠ ᠥᠯᠢᠭᠡᠷ ᠳᠠᠭᠤᠷᠢᠶᠠᠯ ᠪᠣᠯᠵᠣ᠂ ᠮᠠᠨ ᠤ ᠬᠣᠰᠢᠭᠤᠨ ᠤ ᠠᠵᠤ ᠠᠬᠤᠶ ᠨᠡᠢᠭᠡᠮ ᠦᠨ ᠴᠢᠨᠠᠷ ᠰᠠᠢᠲᠠᠶ ᠬᠥᠭᠵᠢᠯᠲᠡ ᠶᠢᠨ ᠠᠵᠢᠯ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ ᠃

ᠡᠮᠦᠨᠡᠬᠢ᠄ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠪᠠᠶᠠᠨᠰᠠᠩ ᠪᠠᠶᠠᠷᠲᠤᠬᠣᠰᠢᠭᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠵᠢᠯᠣᠭᠣᠳᠤᠨ ᠲᠦᠯᠬᠢᠨ ᠠᠬᠢᠭᠤᠯᠤᠭᠰᠨᠨ ᠨᠢ
ᠳᠠᠷᠠᠭᠠᠬᠢ᠄ ᠰᠠᠢᠨ ᠲᠦᠷᠤ ᠶᠢᠨ ᠪᠤᠳᠤᠯᠭ᠎ᠠ ᠶᠢ ᠤᠯᠠᠠ ᠲᠦᠮᠨᠨ ᠳᠡᠭᠡᠨ ᠰᠤᠨᠤᠰᠬᠠᠶ᠎ᠠ᠄ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠡᠤ ᠶᠦᠨ ᠪᠦᠸᠸ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ ᠪᠦᠬᠦ ᠤᠯᠤᠰ ᠤᠨ《ᠬᠤᠶᠠᠷ ᠬᠤᠷᠠᠯ》᠋ ᠤᠨ ᠵᠤᠷᠢᠭ ᠰᠠᠨᠠᠭ᠎ᠠ ᠶᠢ ᠤᠯᠠᠮᠵᠢᠯᠠᠵᠤ ᠪᠠᠢᠭ᠎ᠠ ᠨᠢ