ᠲᠦᠩᠯᠢᠶᠤᠤ ᠬᠤᠳᠠ ᠪᠠ ᠵᠠᠷᠤᠤᠨ ᠬᠤᠰᠢᠭᠤᠨ ᠤ ᠬᠤᠶᠠᠷ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠲᠠᠢ ᠬᠠᠮᠳᠤ《6.5》᠋᠋ ᠤ ᠲᠠᠯᠡᠭᠡᠢ ᠶᠢᠨ ᠤᠷᠴᠢᠨ ᠲᠤᠭᠤᠷᠢᠨ ᠤ ᠡᠳᠤᠷ ᠤᠨ ᠭᠤᠤᠯ ᠰᠡᠳᠤᠪᠳᠤ ᠠᠵᠢᠯᠯᠠᠭ᠎ᠠ ᠦᠷᠨᠢᠬᠦᠯᠪᠡ

49 ᠳ᠋ᠤᠭᠡᠷ ᠲᠠᠯᠡᠭᠡᠢ ᠶᠢᠨ ᠤᠷᠴᠢᠨ ᠲᠤᠭᠤᠷᠢᠨ ᠤ ᠡᠳᠤᠷ ᠬᠦᠷᠴᠤ ᠢᠷᠡᠬᠦ ᠲᠠᠰᠢᠷᠠᠮ ᠳᠤ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠳᠠ ᠪᠠᠯᠭᠠᠰᠤ ᠶᠢᠨ ᠪᠦᠳᠤᠭᠡᠨ ᠪᠠᠢᠭᠤᠯᠤᠯᠳᠠ ᠪᠠ ᠤᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦᠪᠯᠡᠯ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠳᠠ ᠪᠠᠯᠭᠠᠰᠤ ᠶᠢᠨ ᠪᠦᠳᠤᠭᠡᠨ ᠪᠠᠢᠭᠤᠯᠤᠯᠳᠠ ᠪᠠ ᠤᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦᠪᠯᠡᠯ ᠪᠠ ᠵᠠᠷᠤᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠲᠠᠢ ᠬᠤᠯᠪᠤᠭᠠᠯᠠᠨ《 ᠡᠬᠡ ᠪᠠᠢᠭᠠᠯᠢ ᠶᠢ ᠬᠠᠢᠷᠠᠯᠠᠠ ᠬᠠᠯᠠᠮᠵᠢᠯᠠᠬᠤ ᠶᠢ ᠠᠯᠭᠤᠷᠯᠠᠵᠤ ᠪᠤᠯᠤᠰᠢ ᠦᠭᠡᠢ》6.5᠋ ᠤ ᠲᠠᠯᠡᠭᠡᠢ ᠶᠢᠨ ᠤᠷᠴᠢᠨ ᠲᠤᠭᠤᠷᠢᠨ ᠤ ᠡᠳᠤᠷ ᠤᠨ ᠭᠤᠤᠯ ᠰᠡᠳᠤᠪᠳᠤ ᠠᠵᠢᠯᠯᠠᠭ᠎ᠠ ᠦᠷᠨᠢᠬᠦᠯᠪᠡ᠃

ᠲᠤᠰ ᠠᠵᠢᠯᠯᠠᠭ᠎ᠠ ᠨᠢ ᠬᠤᠳᠠ ᠬᠤᠰᠢᠭᠤ ᠬᠤᠶᠠᠷ ᠱᠠᠳᠤᠨ ᠤ ᠠᠷᠠᠳ ᠤᠨ ᠲᠦᠯᠤᠭᠡᠯᠡᠭᠴᠢ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠪᠠ ᠬᠤᠳᠠ ᠬᠤᠰᠢᠭᠤ ᠬᠤᠶᠠᠷ ᠱᠠᠳᠤᠨ ᠤ ᠠᠷᠠᠳ ᠤᠨ ᠰᠢᠬᠦᠬᠦ ᠬᠤᠷᠢᠶᠠᠨ ᠤ ᠬᠠᠮᠢᠶ᠎ᠠ ᠪᠦᠬᠦᠢ ᠬᠦᠮᠤᠰ ᠵᠢᠴᠢ ᠰᠤᠨᠢᠨ ᠮᠡᠳᠡᠭᠡᠨ ᠤ ᠵᠠᠭᠤᠴᠢᠯᠠᠭᠤᠷ ᠢ ᠤᠷᠢᠵᠤ᠂ ᠤᠷᠴᠢᠨ ᠲᠤᠭᠤᠷᠢᠨ ᠤ ᠡᠬᠢ ᠪᠠᠶᠠᠯᠢᠭ ᠤᠨ ᠵᠠᠰᠠᠭ ᠵᠠᠬᠢᠷᠭᠠᠨ ᠤ ᠨᠡᠢᠳᠠ ᠶᠢᠨ ᠠᠰᠠᠷᠠᠮᠵᠢ ᠶᠢᠨ ᠵᠠᠷᠭᠤ ᠶᠢᠨ ᠭᠡᠷᠡᠭ ᠢ ᠰᠤᠨᠤᠰᠤᠭᠰᠨᠨ ᠤ ᠲᠠᠷᠠᠭ᠎ᠠ᠂ ᠰᠠᠭᠤᠳᠠᠯ ᠤᠨ ᠬᠤᠷᠠᠯ ᠬᠤᠷᠠᠯᠳᠤᠭᠤᠯᠤᠨ᠂ ᠤᠢᠷ᠎ᠠ ᠶᠢᠨ ᠵᠢᠯ ᠡᠴᠨ ᠨᠠᠰᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠡᠷᠡᠭ ᠲᠠᠰᠤᠯᠬᠤ ᠠᠵᠢᠯ ᠤᠨ ᠪᠠᠢᠳᠠᠯ ᠤᠨ ᠮᠡᠳᠡᠬᠦᠯᠤᠯᠳᠠ ᠪᠠ ᠬᠠᠤᠯᠢ ᠴᠠᠭᠠᠵᠨ ᠶᠢᠨ ᠤᠢᠯᠡᠴᠢᠯᠡᠭᠡ ᠶᠢᠨ ᠯᠠᠪᠯᠠᠯᠭ᠎ᠠ ᠵᠡᠷᠭᠡ ᠭᠡᠯᠪᠡᠷᠢ ᠪᠡᠷ ᠤᠯᠨᠨ ᠲᠦᠮᠨᠨ ᠳᠤ ᠤᠷᠴᠢᠨ ᠲᠤᠭᠤᠷᠢᠨ ᠢ ᠵᠠᠰᠠᠬᠤ ᠤᠢᠯᠠᠭᠠᠭᠳᠠᠬᠤᠨ ᠢ ᠤᠬᠠᠭᠤᠯᠵᠤ᠂ ᠤᠯᠠᠨ ᠲᠦᠮᠨᠨ ᠤ ᠤᠷᠴᠢᠨ ᠲᠤᠭᠤᠷᠢᠨ ᠤ ᠬᠠᠤᠯᠢ ᠴᠠᠭᠠᠵᠨ ᠶᠢᠨ ᠲᠠᠨᠢᠯᠳᠠ ᠶᠢ ᠤᠯᠠᠮ ᠨᠢᠭᠡ ᠠᠯᠬᠤᠮ ᠴᠢᠩᠭᠠᠳᠬᠠᠠ᠂ ᠠᠮᠢ ᠠᠬᠤᠢ ᠤᠷᠴᠢᠨ ᠲᠤᠭᠤᠷᠢᠨ ᠬᠠᠤᠯᠢ ᠴᠠᠭᠠᠵᠨ ᠶᠢᠨ ᠪᠠᠳᠤᠯᠠᠭ᠎ᠠ ᠶᠢᠨ ᠰᠠᠢᠨ ᠰᠠᠢᠬᠠᠨ ᠠᠭᠤᠷ ᠠᠮᠢᠰᠬᠤᠯ ᠢ ᠪᠤᠢ ᠪᠤᠯᠭᠠᠵᠠᠢ᠃