ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠬᠠᠷᠢᠯᠴᠠᠬᠤ ᠠᠵᠢᠯ ᠤᠨ ᠵᠦᠪᠯᠡᠯ ᠤᠨ ᠬᠢᠨ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠢᠴᠠᠭᠠᠯᠳᠠ ᠵᠢᠯᠤᠭᠤᠳᠤᠯᠭ᠎ᠠ ᠬᠢᠭᠰᠡᠡ ᠨᠢ


        


        

    ᠤᠢᠷ᠎ᠠ ᠶᠢᠨ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠬᠠᠷᠢᠯᠴᠠᠬᠤ ᠠᠵᠢᠯ ᠤᠨ ᠵᠦᠪᠯᠡᠯ ᠤᠨ ᠬᠢᠨ 15 ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠪᠡ᠃

        
             ᠪᠠᠢᠴᠠᠭᠠᠨ ᠰᠤᠳᠤᠯᠬᠤ ᠲᠤᠭᠤᠢᠯᠠᠩ ᠤᠨ ᠬᠢᠨ ᠡᠯ᠎ᠠ ᠰᠤᠮᠤ ᠪᠠᠯᠭᠠᠰᠤ ᠵᠢᠴᠢ ᠭᠠᠴᠠᠭ᠎ᠠ ᠱᠠᠳᠤᠨ ᠤ ᠲᠦᠯᠤᠭᠡᠯᠡᠭᠴᠢ ᠶᠢᠨ ᠭᠡᠷ ᠪᠦᠯᠢ ᠶᠢᠨ ᠪᠦᠳᠤᠭᠡᠨ ᠪᠠᠢᠭᠤᠯᠤᠯᠳᠠ ᠪᠠ ᠭᠡᠷᠡᠭᠯᠡᠯᠳᠠ ᠶᠢᠨ ᠪᠠᠢᠳᠠᠯ ᠢ ᠪᠤᠳᠠᠳᠠᠢ ᠭᠠᠵᠠᠷ ᠲᠤᠨᠢ ᠪᠠᠢᠴᠠᠭᠠᠠ ᠦᠵᠡᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠬᠤᠷᠠᠯᠳᠤᠵᠤ ᠪᠠᠢᠭ᠎ᠠ ᠪᠠᠢᠳᠠᠯ᠂ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠵᠢᠴᠢ ᠲᠦᠯᠤᠭᠡᠯᠡᠭᠴᠢ ᠶᠢᠨ ᠪᠠᠭ᠎ᠠ ᠲᠤᠭᠤᠢᠯᠠᠩ ᠤᠨ ᠬᠦᠳᠡᠡᠯᠭᠡᠭᠡᠨ ᠦᠷᠨᠢᠬᠦᠯᠦᠭᠰᠨᠨ ᠪᠠᠢᠳᠠᠯ ᠢ ᠨᠠᠷᠢᠨ ᠤᠢᠯᠠᠭᠠᠬᠤ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠤᠨ᠂ ᠡᠯ᠎ᠠ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠬᠦᠯᠦᠭᠰᠨᠨ ᠪᠠᠢᠳᠠᠯ ᠤᠨ ᠮᠡᠳᠡᠬᠦᠯᠤᠯᠳᠠ ᠶᠢ ᠰᠤᠨᠤᠰᠪᠠ᠃

        
            ᠰᠠᠭᠤᠳᠠᠯ ᠤᠨ ᠬᠤᠷᠠᠯ ᠲᠠᠭᠡᠷ᠎ᠠ᠂ ᠪᠠᠢᠴᠠᠭᠠᠨ ᠰᠤᠳᠤᠯᠬᠤ ᠲᠤᠭᠤᠢᠯᠠᠩ ᠡᠴᠨ ᠰᠢᠨ᠎ᠡ ᠪᠠᠢᠳᠠᠯ ᠲᠤᠤᠷᠠᠬᠢ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠦᠨᠡᠨᠬᠦ ᠴᠢᠩᠭᠠᠳᠬᠠᠬᠤ ᠪᠠ ᠰᠠᠢᠵᠢᠷᠠᠭᠤᠯᠵᠤ᠂ᠲᠦᠯᠤᠭᠡᠯᠡᠭᠴᠢ ᠶᠢᠨ ᠭᠡᠷ ᠪᠦᠯᠢ ᠶᠢᠨ ᠤᠢᠯᠡᠳᠤᠯ ᠢ ᠬᠦᠢᠴᠡᠳ ᠪᠠᠳᠠᠷᠠᠭᠤᠯᠤᠨ᠂ ᠬᠤᠷᠠᠯ ᠲᠠᠭᠤᠰᠤᠭᠰᠨᠨ ᠬᠤᠭᠤᠴᠠᠭᠠᠨ ᠤ ᠲᠦᠯᠤᠭᠡᠯᠡᠭᠴᠢ ᠶᠢᠨ ᠬᠦᠳᠡᠯᠭᠡᠭᠡᠨ ᠢ ᠰᠠᠢᠳᠤᠷ ᠦᠷᠨᠢᠬᠦᠯᠵᠤ᠂ ᠲᠦᠯᠤᠭᠡᠯᠡᠭᠴᠢ ᠶᠢᠨ ᠬᠦᠳᠡᠯᠭᠡᠭᠡᠨ ᠤ ᠰᠢᠨ᠎ᠡ ᠭᠡᠯᠪᠡᠷᠢ ᠶᠢ ᠲᠠᠰᠤᠷᠠᠯᠳᠠ ᠦᠭᠡᠢ ᠬᠠᠢᠨ ᠰᠦᠪᠡᠭᠴᠢᠯᠡᠬᠦ ᠭᠡᠷᠡᠭᠳᠡᠢ᠃ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠳᠤ ᠪᠢᠯᠸᠲ ᠦᠭᠬᠦ ᠶᠢ ᠲᠤᠷᠰᠢᠯᠳᠠ ᠶᠢᠨ ᠴᠡᠭ ᠤᠨ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯ ᠭᠠᠷᠳᠠᠴᠨ ᠪᠤᠯᠭᠠᠨ᠂ ᠲᠦᠷᠤᠯ ᠵᠤᠢᠯ ᠪᠠᠢᠭᠤᠯᠬᠤ᠂ ᠰᠡᠳᠤᠪ  ᠲᠤᠭᠳᠠᠭᠠᠬᠤ ᠰᠤᠳᠤᠯᠭᠠᠨ᠂ ᠪᠦᠬᠦ ᠶᠠᠪᠤᠴᠨ ᠳᠤ ᠬᠢᠨᠠᠯᠳᠠ ᠲᠠᠯᠪᠢᠬᠤ᠂ ᠬᠠᠷᠢᠭᠤᠴᠠᠯᠭ᠎ᠠ ᠶᠢ ᠬᠢᠨᠠᠨ ᠰᠢᠯᠭᠠᠬᠤ ᠵᠡᠷᠭᠡ ᠭᠤᠭᠴᠤᠭ᠎ᠠ ᠶᠢ ᠴᠢᠩᠭᠠᠳᠬᠠᠵᠤ᠂ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠠᠵᠢᠯ ᠢ ᠬᠠᠤᠯᠢ ᠶᠤᠰᠤᠭᠠᠷ ᠨᠡᠩ ᠵᠢᠷᠤᠮᠵᠢᠭᠤᠯᠬᠤ ᠭᠡᠷᠡᠭᠳᠡᠢ᠃ ᠲᠦᠯᠤᠭᠡᠯᠡᠭᠴᠢ ᠶᠢᠨ ᠰᠠᠨᠠᠯ ᠵᠦᠪᠯᠡᠯᠡᠭᠡ ᠶᠢ ᠦᠨᠡᠨᠬᠦ ᠰᠢᠢᠳᠪᠤᠷᠢᠯᠡᠬᠦ ᠶᠢ ᠲᠦᠯᠤᠭᠡᠯᠡᠭᠴᠢ ᠶᠢᠨ ᠠᠵᠢᠯ ᠤᠨ ᠭᠤᠤᠯ ᠱᠤᠭᠤᠮ ᠪᠤᠯᠭᠠᠵᠤ᠂ ᠰᠢᠢᠳᠪᠤᠷᠢᠯᠡᠭᠰᠨᠨ ᠦᠷ᠎ᠠ ᠪᠦᠳᠤᠮᠵᠢ ᠪᠡᠷ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠦᠷ᠎ᠠ ᠪᠦᠳᠤᠮᠵᠢ ᠶᠢ ᠲᠠᠭᠡᠭᠰᠢᠯᠡᠬᠦᠯᠵᠤ᠂ ᠲᠦᠯᠤᠭᠡᠯᠡᠭᠴᠢ ᠶᠢᠨ ᠭᠤᠤᠯ ᠴᠤᠭᠴᠨ ᠶᠢᠨ ᠤᠢᠯᠡᠳᠤᠯ ᠢ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ ᠭᠡᠵᠤ ᠰᠠᠨᠠᠭᠤᠯᠭ᠎ᠠ ᠲᠤᠷᠠᠳᠤᠪᠠ᠃


ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠤᠨ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ《 ᠲᠦᠩᠯᠢᠶᠤᠤ ᠬᠤᠳᠠ ᠶᠢᠨ ᠬᠤᠳᠠ ᠶᠢᠨ ᠲᠦᠷᠢ ᠲᠦᠷᠬᠦ ᠪᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ》᠋ ᠢ ᠨᠠᠢᠳᠠᠪᠤᠷᠢᠵᠢᠭᠤᠯᠤᠨ ᠲᠤᠭᠤᠰᠢᠯᠠᠭᠤᠯᠤᠭᠰᠨᠨ ᠪᠠᠢᠳᠠᠯ ᠳᠤ ᠪᠠᠢᠴᠠᠭᠠᠯᠳᠠ ᠬᠢᠪᠡ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠯᠢ ᡁᠢ ᠭᠠᠩ ᠮᠠᠨ ᠤ ᠬᠤᠰᠢᠭᠤᠨ ᠤ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ