ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳᠠ ᠶᠢᠨ ᠠᠷᠠᠳ ᠤᠨ ᠲᠦᠯᠤᠭᠡᠯᠡᠭᠴᠢᠳ ᠤᠨ᠁
ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠯᠢ ᡁᠢ ᠭᠠᠩ ᠮᠠᠨ ᠤ ᠬᠤᠰᠢᠭᠤᠨ ᠤ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ


       


       

      6 ᠰᠠᠷ᠎ᠠ ᠶᠢᠨ 8᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠯᠢ ᡁᠢ ᠭᠠᠩ ᠮᠠᠨ ᠤ ᠬᠤᠰᠢᠭᠤᠨ ᠳᠤ ᠢᠷᠡᠵᠤ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠪᠡ᠃ ᠬᠤᠰᠢᠭᠤᠨ ᠤ ᠤᠳᠤᠷᠢᠳᠤᠯᠭ᠎ᠠ ᠦᠷᠡᠪᠠᠳᠤ᠂ ᠰᠠᠢᠨᠪᠠᠶᠠᠷ᠂ ᠳ᠋ᠸᠩ ᠭᠤᠸᠠᠩ ᠹᠸᠩ ᠵᠢᠴᠢ ᠬᠤᠳᠠ᠂ ᠬᠤᠰᠢᠭᠤ ᠬᠤᠶᠠᠷ ᠱᠠᠳᠤᠨ ᠤ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠨ ᠰᠤᠳᠤᠯᠤᠯᠳᠠ ᠬᠢᠭᠰᠡᠡ ᠪᠤᠶᠤ ᠰᠠᠭᠤᠳᠠᠯ ᠤᠨ ᠬᠤᠷᠠᠯ ᠳᠤ ᠤᠷᠤᠯᠴᠠᠪᠠ᠃

       
           ᠯᠢ ᡁᠢ ᠭᠠᠩ ᠨᠠᠷ ᠤᠷᠢᠳ ᠬᠤᠵᠢᠳ ᠦᠪᠤᠷ ᠮᠤᠩᠭᠤᠯ ᠤᠨ ᠬᠤᠤ ᠸᠸᠨ ᠬᠠᠤᠯᠢᠴᠢ ᠶᠢᠨ ᠭᠡᠷᠡᠭ ᠡᠷᠬᠢᠯᠡᠬᠦ ᠭᠠᠵᠠᠷ᠂ ᠦᠪᠤᠷ ᠮᠤᠩᠭᠤᠯ ᠤᠨ ᠹᠠ ᠵᠢᠩ ᠬᠠᠤᠯᠢᠴᠢ ᠶᠢᠨ ᠭᠡᠷᠡᠭ ᠡᠷᠬᠢᠯᠡᠬᠦ ᠭᠠᠵᠠᠷ ᠵᠡᠷᠭᠡ ᠭᠠᠵᠠᠷ ᠲᠤ ᠬᠦᠷᠴᠤ᠂ ᠲᠤᠬᠠᠢ ᠶᠢᠨ ᠭᠠᠵᠠᠷ ᠲᠤ ᠪᠠᠢᠴᠠᠭᠠᠨ ᠰᠤᠳᠤᠯᠤᠯᠳᠠ ᠬᠢᠬᠦ᠂ ᠮᠡᠳᠡᠬᠦᠯᠤᠯᠳᠠ ᠰᠤᠨᠤᠰᠬᠤ ᠵᠡᠷᠭᠡ ᠭᠡᠯᠪᠡᠷᠢ ᠪᠡᠷ ᠲᠠᠮᠵᠢᠨ᠂ ᠮᠠᠨ ᠤ ᠬᠤᠰᠢᠭᠤᠨ ᠤ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ᠂ ᠰᠤᠷᠭᠠᠨ ᠬᠦᠮᠤᠵᠢᠯ ᠤᠨ ᠬᠠᠮᠢᠶᠠᠷᠤᠯᠳᠠ᠂ ᠲᠦᠷᠢᠮ ᠤᠨ ᠪᠠᠢᠭᠤᠯᠤᠯᠳᠠ᠂ ᠬᠠᠤᠯᠢᠴᠢ ᠶᠢᠨ ᠠᠵᠢᠯ ᠮᠡᠷᠭᠡᠵᠢᠯ ᠤᠨ ᠤᠷᠴᠢᠨ ᠲᠤᠭᠤᠷᠢᠨ ᠵᠡᠷᠭᠡ ᠪᠠᠢᠳᠠᠯ ᠢ ᠨᠠᠷᠢᠯᠢᠭ ᠤᠢᠯᠠᠭᠠᠪᠠ᠃ 

        
            ᠲᠠᠷᠠᠭᠠᠴᠢ ᠪᠡᠷ ᠨᠢ ᠰᠠᠭᠤᠳᠠᠯ ᠤᠨ ᠬᠤᠷᠠᠯ ᠬᠤᠷᠠᠯᠳᠤᠭᠤᠯᠪᠠ᠃ ᠰᠠᠢᠨᠪᠠᠶᠠᠷ ᠡᠴᠨ ᠮᠠᠨ ᠤ ᠬᠤᠰᠢᠭᠤᠨ ᠤ ᠬᠠᠤᠯᠢᠴᠢ ᠶᠢᠨ ᠠᠵᠢᠯ ᠲᠦᠷᠤᠯ ᠤᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠠᠵᠢᠯ ᠳᠤ ᠮᠡᠳᠡᠬᠦᠯᠤᠯᠳᠠ ᠬᠢᠪᠡ᠃ ᠯᠢ ᡁᠢ ᠭᠠᠩ ᠡᠴᠨ ᠮᠠᠨ ᠤ ᠬᠤᠰᠢᠭᠤᠨ ᠤ ᠬᠠᠤᠯᠢᠴᠢ ᠶᠢᠨ ᠡᠩᠨᠡᠭᠡᠨ ᠤ ᠠᠵᠢᠯ ᠤᠨ ᠤᠯᠤᠭᠰᠨᠨ ᠠᠮᠵᠢᠯᠳᠠ ᠳᠤ ᠬᠦᠢᠴᠡᠳ ᠦᠨᠡᠯᠡᠯᠳᠠ ᠦᠭᠬᠦ ᠶᠢᠨ ᠬᠠᠮᠳᠤ ᠴᠢᠩᠭᠠᠳᠬᠠᠭᠰᠨᠨ ᠨᠢ᠂ ᠬᠠᠤᠯᠢᠴᠢ ᠶᠢᠨ ᠭᠡᠷᠡᠭ ᠡᠷᠬᠢᠯᠡᠬᠦ ᠭᠠᠵᠠᠷ ᠨᠢ ᠠᠵᠢᠯ ᠲᠦᠷᠤᠯ ᠤᠨ ᠱᠠᠭᠠᠷᠳᠠᠯᠭ᠎ᠠ ᠳᠤ ᠬᠦᠷᠴᠤ᠂ ᠤᠯᠤᠰ ᠲᠦᠷᠤ ᠪᠠᠳᠤ ᠴᠢᠩᠭ᠎ᠠ᠂ ᠬᠠᠤᠯᠢ ᠴᠠᠭᠠᠵᠨ ᠳᠤ ᠨᠡᠪᠳᠡᠷᠭᠡᠢ᠂ ᠰᠢᠳᠤᠷᠭᠤ ᠶᠤᠰᠤ ᠶᠢ ᠬᠠᠮᠠᠭᠠᠯᠠᠬᠤ᠂ ᠦᠨᠡᠨᠴᠢ ᠢᠳᠡᠭᠡᠮᠵᠢᠳᠠᠢ ᠪᠠᠢᠬᠤ ᠶᠢ ᠦᠨᠡᠨᠬᠦ ᠪᠠᠳᠤᠯᠠᠬᠤ ᠭᠡᠷᠡᠭᠳᠡᠢ᠃ ᠲᠤᠳᠤᠭᠠᠳᠤ ᠶᠢ ᠬᠠᠮᠠᠭᠠᠯᠠᠬᠤ᠂ ᠪᠠᠢᠴᠠᠭᠠᠬᠤ᠂ ᠬᠠᠤᠯᠢ ᠴᠠᠠᠭᠠᠵᠨ ᠵᠡᠷᠭᠡ ᠪᠠᠢᠭᠤᠯᠭ᠎ᠠ ᠶᠢᠨ ᠬᠤᠭᠤᠷᠤᠨᠳᠤᠬᠢ ᠵᠤᠬᠢᠴᠠᠭᠤᠯᠭ᠎ᠠ ᠨᠡᠪᠳᠡᠷᠡᠯᠴᠡᠭᠡ ᠪᠠᠨ ᠴᠢᠩᠭᠠᠳᠬᠠᠵᠤ᠂ ᠬᠠᠤᠯᠢᠴᠢ ᠶᠢᠨ ᠠᠵᠢᠯ ᠡᠷᠬᠢᠯᠡᠬᠦ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠤᠨ᠂ ᠬᠠᠤᠯᠢᠴᠢ ᠶᠢᠨ ᠤᠢᠯᠡᠰ ᠤᠨ ᠬᠦᠭᠵᠢᠯᠳᠠ ᠳᠤ ᠠᠰᠢᠭᠳᠠᠢ ᠠᠷᠭ᠎ᠠ ᠠᠪᠴᠠᠯ ᠲᠦᠷᠤ ᠶᠢᠨ ᠪᠤᠳᠤᠯᠭ᠎᠎ᠠ ᠶᠢ ᠢᠳᠡᠪᠬᠢᠳᠠᠢ ᠲᠠᠮᠡᠴᠡᠨ ᠤᠯᠵᠤ᠂ ᠬᠠᠤᠯᠢᠴᠢ ᠶᠢᠨ ᠤᠢᠯᠡᠰ ᠤᠨ ᠬᠦᠭᠵᠢᠯᠳᠠ ᠶᠢᠨ ᠬᠠᠮᠤᠭ ᠰᠢᠯᠢᠳᠡᠭ ᠤᠷᠴᠢᠨ ᠲᠤᠭᠤᠷᠢᠨ ᠢ ᠪᠦᠬᠦ ᠬᠦᠴᠤᠨ ᠶᠢᠠᠷ ᠡᠬᠦᠳᠤᠨ ᠪᠦᠳᠤᠭᠡᠬᠦ ᠭᠡᠷᠡᠭᠳᠡᠢ᠃ ᠬᠠᠤᠯᠢᠴᠢ ᠶᠢᠨ ᠡᠩᠨᠡᠭᠡ ᠶᠢᠨ ᠬᠠᠤᠯᠢᠵᠢᠯ ᠨᠡᠢᠭᠡᠮ ᠤᠨ ᠪᠠᠢᠭᠤᠯᠤᠯᠳᠠ ᠲᠤᠮᠳᠠᠬᠢ ᠤᠢᠯᠡᠳᠤᠯ ᠢ ᠬᠦᠢᠴᠡᠳ ᠪᠠᠳᠠᠷᠭᠤᠯᠤᠨ᠂ ᠪᠦᠬᠦ ᠬᠤᠳᠠ ᠶᠢᠨ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠤᠨ ᠰᠢᠨ᠎ᠡ ᠲᠠᠪᠴᠠᠩ ᠳᠤ ᠬᠦᠷᠬᠦ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃

        
            ᠬᠤᠷᠠᠯ ᠲᠠᠭᠡᠷ᠎ᠠ᠂ ᠬᠤᠷᠠᠯ ᠳᠤ ᠤᠷᠤᠯᠴᠠᠭᠰᠠᠳ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠠᠵᠢᠯ ᠢ ᠤᠯᠠᠮ ᠨᠢᠭᠡ ᠠᠯᠬᠤᠮ ᠰᠠᠢᠳᠤᠷ ᠬᠢᠬᠦ ᠳᠤ ᠰᠠᠢᠨ ᠰᠠᠢᠬᠠᠨ ᠰᠠᠨᠠᠯ ᠰᠠᠨᠠᠭᠤᠯᠭ᠎ᠠ ᠲᠤᠷᠠᠳᠤᠪᠠ᠃


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠬᠠᠷᠢᠯᠴᠠᠬᠤ ᠠᠵᠢᠯ ᠤᠨ ᠵᠦᠪᠯᠡᠯ ᠤᠨ ᠬᠢᠨ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠢᠴᠠᠭᠠᠯᠳᠠ ᠵᠢᠯᠤᠭᠤᠳᠤᠯᠭ᠎ᠠ ᠬᠢᠭᠰᠡᠡ ᠨᠢ
ᠳᠠᠷᠠᠭᠠᠬᠢ᠄ ᠰᠢᠯᠢᠩᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠬᠤ ᠪᠦᠯᠬᠦᠮ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠰᠢᠨᠵᠢᠯᠡᠨ ᠪᠠᠢᠴᠠᠭᠠᠯᠳᠠ ᠬᠢᠭᠰᠡᠡ ᠨᠢ