ᠤᠳᠤ ᠶᠢᠨ ᠪᠠᠢ᠌ᠷᠢ᠄ ᠴᠢᠬᠤᠯᠠ ᠮᠡᠳᠡᠭᠡ → ᠰᠢᠯᠢᠩᠬᠤᠳᠠ ᠶᠢᠨ ᠠᠷᠠᠳ ᠤᠨ ᠲᠦᠯᠤᠭᠡᠯᠡᠭᠴᠢᠳ ᠤᠨ᠁
ᠰᠢᠯᠢᠩᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠬᠤ ᠪᠦᠯᠬᠦᠮ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠰᠢᠨᠵᠢᠯᠡᠨ ᠪᠠᠢᠴᠠᠭᠠᠯᠳᠠ ᠬᠢᠭᠰᠡᠡ ᠨᠢ

      

    6 ᠰᠠᠷ᠎ᠠ ᠶᠢᠨ 10᠋ ᠤ ᠡᠳᠤᠷ᠂ ᠰᠢᠯᠢ ᠶᠢᠨ ᠭᠤᠤᠯ ᠠᠢᠮᠠᠭ ᠤᠨ ᠰᠢᠯᠢᠩᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠳᠤ ᠽᠠᠨ ᠵᠢᠶᠦ᠋ᠩ ᠰᠢᠨᠵᠢᠯᠡᠨ ᠪᠠᠢᠴᠠᠭᠠᠬᠤ ᠪᠦᠯᠬᠦᠮ ᠶᠢᠠᠨ ᠲᠠᠭᠠᠭᠤᠯᠤᠨ ᠮᠠᠨ ᠤ ᠬᠤᠰᠢᠭᠤᠨ ᠳᠤ ᠢᠷᠡᠵᠤ᠂ ᠮᠠᠯ ᠠᠵᠤ ᠠᠬᠤᠢ ᠶᠢᠨ ᠬᠦᠭᠵᠢᠯᠳᠠ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠰᠢᠨᠵᠢᠯᠡᠨ ᠪᠠᠢᠴᠠᠭᠠᠯᠳᠠ ᠬᠢᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠪᠠ᠃

      
          ᠪᠠᠢᠴᠠᠭᠠᠬᠤ ᠪᠦᠯᠬᠦᠮ ᠤᠨ ᠬᠢᠨ ᠤᠷᠢᠳ ᠬᠤᠵᠢᠳ ᠪᠠᠶᠠᠨᠳᠠᠯ᠎ᠠ ᠰᠤᠮᠤᠨ ᠤ ᠵᠡᠬᠦᠨ ᠰᠠᠯᠠᠭ᠎ᠠ ᠭᠠᠴᠠᠭ᠎ᠠ᠂ ᠭᠠᠳᠠᠰᠤ ᠶᠢᠨ ᠦᠷᠡᠰ ᠮᠠᠯᠵᠢᠯ ᠤᠨ ᠲᠠᠯᠠᠪᠠᠢ᠂ ᠮᠠᠯᠴᠢᠨ ᠠᠢᠯ ᠦᠭᠡᠷ ᠲᠠᠵᠢᠭᠡᠬᠦ ᠲᠤᠰᠬᠠᠢ ᠬᠤᠷᠰᠢᠶᠠᠵᠢᠯ᠂ ᠠᠷᠠᠳ ᠤᠨ ᠲᠦᠯᠤᠭᠡᠯᠡᠭᠴᠢ ᠶᠢᠨ ᠭᠡᠷ ᠪᠦᠯᠢ ᠪᠤᠯᠤᠨ ᠨᠠᠮ ᠤᠨ ᠭᠡᠰᠢᠬᠦᠨ ᠪᠠ ᠤᠯᠨᠨ ᠲᠦᠮᠨᠨ ᠳᠤ ᠤᠢᠯᠡᠴᠢᠯᠡᠬᠦ ᠲᠦᠪ᠂ ᠬᠤᠪᠢ ᠶᠢᠨ ᠲᠠᠵᠢᠭᠡᠨ ᠦᠷᠡᠵᠢᠬᠦᠯᠬᠦ ᠡᠷᠤᠭᠡ᠂ ᠴᠠᠭᠠᠨ ᠢᠳᠡᠭᠡᠨ ᠪᠤᠯᠪᠠᠰᠤᠷᠠᠭᠤᠯᠬᠤ ᠵᠢᠵᠢᠭ᠌ ᠤᠢᠯᠡᠳᠭᠡᠯ ᠤᠨ ᠭᠠᠵᠠᠷ ᠵᠡᠷᠭᠡ ᠭᠠᠵᠠᠷ ᠶᠢᠠᠷ ᠲᠤᠭᠤᠷᠢᠨ ᠪᠠᠢᠴᠠᠭᠠᠵᠤ᠂ ᠰᠠᠭᠤᠳᠠᠯ ᠤᠨ ᠬᠤᠷᠠᠯ ᠬᠤᠷᠠᠯᠳᠤᠭᠤᠯᠤᠨ᠂ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠤᠨᠤᠰᠴᠤ᠂ ᠲᠤᠬᠠᠢ ᠶᠢᠨ ᠭᠠᠵᠠᠷ ᠲᠤ ᠠᠰᠠᠭᠤᠨ ᠯᠠᠪᠯᠠᠵᠤ ᠪᠠᠢᠴᠠᠭᠠᠨ ᠦᠵᠡᠬᠦ ᠭᠡᠯᠪᠡᠷᠢ ᠪᠡᠷ᠂ ᠮᠠᠨ ᠤ ᠬᠤᠰᠢᠭᠤᠨ ᠤ ᠲᠠᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ ᠤᠨ ᠡᠵᠡᠩᠨᠡᠯᠳᠠ ᠶᠢᠨ ᠬᠠᠮᠢᠶᠠᠷᠤᠯᠳᠠ  ᠶᠢᠨ ᠭᠡᠪ ᠵᠠᠭᠪᠤᠷ᠂ ᠠᠵᠤ ᠤᠢᠯᠡᠰ ᠤᠨ ᠪᠦᠳᠤᠴᠨ ᠶᠢᠨ ᠲᠤᠬᠢᠷᠠᠭᠤᠯᠤᠯᠳᠠ᠂《 ᠠᠷᠠᠳ ᠤᠨ ᠲᠦᠯᠤᠭᠡᠯᠡᠭᠴᠢ ᠶᠢᠨ ᠭᠡᠷ ᠪᠦᠯᠢ》᠋ ᠶᠢᠨ ᠪᠠᠢᠭᠤᠯᠤᠯᠳᠠ ᠵᠢᠴᠢ ᠨᠠᠢᠳᠠᠯᠢᠭ᠌ ᠠᠷᠭ᠎ᠠ ᠬᠢᠳᠠᠯ᠂ ᠠᠵᠤ ᠤᠢᠯᠡᠰ ᠶᠢᠠᠷ ᠶᠠᠳᠠᠭᠤ ᠶᠢ ᠲᠠᠳᠬᠦᠬᠦ ᠪᠡ ᠡᠬᠦᠨ ᠡᠴᠨ ᠬᠤᠢᠰᠢᠳᠠ ᠶᠢᠨ ᠬᠦᠭᠵᠢᠯᠳᠠ ᠶᠢᠨ ᠲᠦᠯᠤᠪᠵᠢᠬᠦᠯᠭᠡ ᠵᠡᠷᠭᠡ ᠪᠠᠢᠳᠠᠯ ᠢ  ᠨᠠᠷᠢᠨ ᠤᠢᠯᠠᠭᠠᠪᠠ᠃ 

      
          ᠰᠢᠨᠵᠢᠯᠡᠨ ᠪᠠᠢᠴᠠᠭᠠᠬᠤ ᠬᠤᠭᠤᠴᠠᠭᠠᠨ ᠳᠤ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠡᠤ ᠶᠦᠨ ᠪᠦᠸᠸ ᠡᠴᠨ ᠪᠦᠬᠦ ᠤᠯᠤᠰ ᠤᠨ《ᠬᠤᠶᠠᠷ ᠬᠤᠷᠠᠯ》᠋ ᠤᠨ ᠵᠤᠷᠢᠭ ᠰᠠᠨᠠᠭ᠎ᠠ ᠪᠠ ᠰᠢ ᠵᠢᠨ ᠫᠢᠩ ᠶᠡᠷᠤᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠤᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠭᠰᠨᠨ ᠤ ᠬᠠᠮᠳᠤ᠂ ᠰᠢᠨᠵᠢᠯᠡᠨ ᠪᠠᠢᠴᠠᠭᠠᠬᠤ ᠪᠦᠯᠬᠦᠮ ᠲᠠᠢ ᠲᠠᠵᠢᠭᠡᠨ ᠦᠷᠡᠵᠢᠬᠦᠯᠬᠦ ᠬᠤᠷᠰᠢᠶᠠᠵᠢᠯ ᠤᠨ ᠬᠦᠭᠵᠢᠯᠳᠠ ᠶᠢᠨ ᠲᠤᠷᠰᠢᠯᠭ᠎ᠠ ᠵᠢᠴᠢ ᠠᠯᠠᠰᠢᠨ ᠦᠭᠡᠷ ᠤᠨ ᠲᠠᠵᠢᠭᠡᠨ ᠦᠷᠡᠵᠢᠬᠦᠯᠬᠦ ᠲᠤᠷᠰᠢᠯᠭ᠎ᠠ ᠪᠠᠨ ᠨᠢᠭᠤᠷᠳᠠᠨ ᠰᠤᠯᠢᠯᠴᠠᠪᠠ᠃

      
         ᠰᠢᠯᠢᠩᠬᠤᠳᠠ ᠶᠢᠨ ᠰᠢᠨᠵᠢᠯᠡᠨ ᠪᠠᠢᠴᠠᠭᠠᠬᠤ ᠪᠦᠯᠬᠦᠮ ᠡᠴᠨ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠨᠳᠤᠷ ᠶᠢᠠᠷ ᠦᠨᠡᠯᠡᠪᠡ᠃ ᠲᠤᠰ ᠤᠳᠠᠭᠠᠨ ᠤ ᠰᠢᠨᠵᠢᠯᠡᠨ ᠪᠠᠢᠴᠠᠭᠠᠵᠤ ᠰᠤᠷᠤᠯᠴᠠᠬᠤ ᠲᠤᠬᠢᠶᠠᠯ ᠶᠢᠠᠷ᠂ ᠵᠠᠷᠤᠤᠨ ᠬᠤᠰᠢᠭᠤᠨ ᠤ ᠰᠠᠢᠨ ᠲᠤᠷᠰᠢᠯᠭ᠎ᠠ᠂ᠰᠠᠢᠨ ᠠᠷᠭ᠎ᠠ ᠬᠢᠳᠠᠯ ᠶᠢᠠᠷ ᠲᠤᠯᠢ ᠪᠤᠯᠭᠠᠨ᠂ ᠠᠵᠢᠯ ᠤᠨ ᠰᠡᠳᠬᠢᠴᠨ ᠪᠠᠨ ᠤᠯᠠᠮ ᠨᠢᠭᠡ ᠠᠯᠬᠤᠮ ᠦᠷᠭᠡᠳᠭᠡᠨ᠂ ᠡᠷᠴᠢᠮ ᠶᠢᠠᠨ ᠴᠢᠩᠭᠠᠷᠠᠭᠤᠯᠵᠤ᠂ ᠲᠤᠰ ᠭᠠᠵᠠᠷ ᠤᠷᠤᠨ ᠳᠠᠭᠠᠨ ᠲᠤᠬᠢᠷᠠᠭᠰᠨᠨ ᠬᠦᠭᠵᠢᠯᠳᠠ ᠶᠢᠨ ᠰᠡᠳᠬᠢᠴᠨ ᠶᠢ ᠨᠠᠷᠢᠨ ᠰᠦᠪᠡᠭᠴᠢᠯᠡᠨ᠂ ᠰᠢᠯᠢᠩᠬᠤᠳᠠ ᠶᠢᠨ ᠮᠠᠯ ᠠᠵᠤ ᠠᠬᠤᠢ ᠶᠢᠨ ᠠᠵᠤ ᠤᠢᠯᠡᠰ ᠤᠨ ᠬᠦᠭᠵᠢᠯᠳᠠ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠠ ᠪᠦᠳᠤᠮᠵᠢ ᠶᠢ ᠲᠠᠰᠤᠷᠠᠯᠳᠠ ᠦᠭᠡᠢ ᠪᠠᠬᠢᠵᠢᠬᠦᠯᠤᠨ᠎ᠡ᠃ ᠬᠠᠮᠳᠤ᠎  ᠳᠤᠨᠢ᠂ ᠬᠤᠶᠠᠷ ᠭᠠᠵᠠᠷ ᠤᠨ ᠬᠤᠭᠤᠷᠤᠨᠳᠤᠬᠢ ᠶᠠᠪᠤᠯᠴᠠᠭ᠎ᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠳᠠᠷᠠᠭᠤᠯᠵᠤ᠂ ᠰᠤᠯᠢᠯᠴᠠᠭ᠎ᠠ ᠬᠠᠮᠳᠤᠷᠠᠯᠴᠠᠭ᠎ᠠ ᠪᠠᠨ ᠬᠦᠨᠵᠡᠭᠡᠢᠷᠡᠬᠦᠯᠤᠨ᠂ᠬᠠᠮᠳᠤ ᠶᠢᠨ ᠬᠦᠭᠵᠢᠯᠳᠠ ᠶᠢ ᠠᠬᠢᠭᠤᠯᠬᠤ ᠶᠢ ᠬᠦᠰᠡᠵᠤ ᠪᠠᠢᠨ᠎ᠡ ᠭᠡᠵᠡᠢ᠃

ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠯᠢ ᡁᠢ ᠭᠠᠩ ᠮᠠᠨ ᠤ ᠬᠤᠰᠢᠭᠤᠨ ᠤ ᠬᠠᠤᠯᠢᠴᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ
ᠳᠠᠷᠠᠭᠠᠬᠢ᠄ ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠵᠤᠤ ᠪᠠᠶ ᠢᠦᠶ ᠨᠡᠷ ᠮᠠᠨ ᠤ ᠬᠤᠰᠢᠭᠤᠨ ᠤ ᠴᠢᠪᠠᠭᠠᠲᠤ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠪᠠᠢᠴᠠᠭᠠᠨ ᠵᠢᠭᠠᠨ ᠵᠢᠯᠣᠭᠣᠳᠪᠠ