ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠲᠠ ᠶᠢᠨ ᠠᠷᠠᠳ ᠤᠨ ᠲᠥᠯᠥᠭᠡᠯᠡᠭᠴᠢᠳ ᠦᠨ᠁
ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠵᠤᠤ ᠪᠠᠶ ᠢᠦᠶ ᠨᠡᠷ ᠮᠠᠨ ᠤ ᠬᠤᠰᠢᠭᠤᠨ ᠤ ᠴᠢᠪᠠᠭᠠᠲᠤ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠪᠠᠢᠴᠠᠭᠠᠨ ᠵᠢᠭᠠᠨ ᠵᠢᠯᠣᠭᠣᠳᠪᠠ


      

      

      

      6 ᠰᠠᠷ᠎ᠠ ᠶᠢᠨ 10᠋ ᠤ ᠡᠳᠦᠷ ᠦᠨ ᠦᠳᠡ ᠶᠢᠨ ᠬᠣᠢᠨ᠎ᠠ ᠂ ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠵᠣᠣ ᠪᠠᠶ ᠢᠦᠶ᠂ ᠬᠣᠰᠢᠭᠤᠨ ᠤ ᠨᠠᠮ ᠤᠨ ᠬᠣᠷᠢᠶᠠᠨ ᠤ ᠪᠠᠢᠩᠭᠤ ᠶᠢᠨ ᠭᠡᠰᠢᠭᠦᠨ ᠂ ᠵᠣᠬᠢᠶᠠᠨ ᠪᠠᠢᠭᠤᠯᠬᠤ ᠬᠡᠯᠲᠡᠰ ᠦᠨ ᠳᠠᠷᠤᠭ᠎ᠠ ᠵᠠᠩ ᠬᠠᠨ ᠰᠥᠩ ᠴᠢᠪᠭᠠᠠᠳᠤ ᠰᠤᠮᠤᠨ ᠳᠤ ᠬᠦᠷᠴᠦ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠢᠴᠠᠭᠠᠨ ᠰᠤᠳᠤᠯᠵᠤ ᠵᠢᠭᠠᠨ ᠵᠢᠯᠣᠭᠣᠳᠪᠠ ᠃ ᠰᠤᠮᠤᠨ  ᠤ ᠨᠠᠮ  ᠤᠨ ᠬᠣᠷᠢᠶᠠᠨ  ᠤ ᠱᠦᠵᠢ ᠪᠥᠬᠡᠪᠠᠶᠠᠷ᠂ ᠨᠠᠮ  ᠤᠨ ᠬᠣᠷᠢᠶᠠᠨ  ᠤ ᠳᠡᠳ᠋ ᠱᠦᠵᠢ᠂ ᠰᠤᠮᠤᠨ ᠲᠠᠷᠤᠭ᠎ᠠ ᠬᠠᠰᠳᠡᠯᠭᠡᠷ ᠪᠠᠷ᠎ᠠ ᠪᠣᠯᠪᠠ᠃

      


      


      
           ᠵᠤᠤ ᠪᠠᠶ ᠢᠦᠶ ᠨᠡᠷ ᠤᠷᠢᠳ ᠬᠣᠵᠢᠳ ᠴᠢᠪᠠᠭᠠᠲᠤ ᠭᠠᠴᠠᠭᠠᠨ ᠤ ᠰᠠᠷᠠᠨ ᠲᠠᠬᠢᠨᠢ ᠠᠭᠤᠯᠠ ᠵᠢᠭᠤᠯᠴᠢᠯᠠᠯ ᠤᠨ ᠣᠷᠣᠨ᠂ ᠵᠠᠷᠤᠳ ᠬᠣᠰᠢᠭᠤᠨ ᠤ ᠡᠩᠭᠡ ᠲᠡᠵᠢᠭᠡᠨ ᠦᠷᠡᠵᠢᠭᠦᠯᠬᠦ ᠲᠤᠰᠬᠠᠶ ᠬᠣᠷᠰᠢᠶᠠᠵᠢᠯ ᠳᠤ ᠭᠦᠨᠵᠡᠭᠡᠢᠷᠡᠵᠦ᠂ ᠲᠤᠬᠠᠶ ᠶᠢᠨ ᠭᠠᠵᠠᠷ ᠲᠤᠨᠢ ᠪᠠᠢᠴᠠᠭᠠᠨ ᠦᠵᠡᠬᠦ ᠪᠠ ᠨᠠᠷᠢᠨ ᠨᠢᠭᠲᠠ ᠰᠣᠯᠢᠯᠴᠠᠬᠤ ᠪᠠᠷ ᠳᠠᠮᠵᠢᠭᠤᠯᠤᠨ ᠂ ᠬᠣᠷᠰᠢᠶᠠᠵᠢᠯ ᠤᠨ ᠡᠵᠡᠩᠨᠡᠯᠲᠡ ᠶᠢᠨ ᠭᠡᠪ ᠵᠠᠭᠪᠤᠷ ᠂ ᠣᠯᠤᠭᠰᠠᠨ ᠦᠷ᠎ᠡ ᠪᠦᠲᠦᠮᠵᠢ ᠂ ᠣᠷᠣᠰᠢᠵᠤ ᠪᠠᠢᠭ᠎ᠠ ᠠᠰᠠᠭᠤᠳᠠᠯ ᠪᠠ ᠲᠤᠯᠭᠠᠷᠠᠵᠤ ᠪᠠᠢᠭ᠎ᠠ ᠬᠦᠴᠢᠷᠳᠡᠯ ᠵᠡᠷᠭᠡ ᠪᠠᠢᠳᠠᠯ ᠢ ᠤᠢᠯᠠᠭᠠᠪᠠ᠃
          ᠳᠠᠷᠠᠭ᠎ᠠ ᠨᠢ᠂ ᠵᠤᠤ ᠪᠠᠢ ᠢᠦᠢ ᠨᠡᠷ ᠰᠤᠮᠤᠨ ᠤ ᠵᠠᠰᠠᠭ ᠤᠨ ᠣᠷᠳᠣᠨ ᠳᠤ ᠬᠦᠷᠴᠦ ᠬᠡᠰᠡᠭ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠡᠶ ᠰᠠᠭᠤᠳᠠᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠣᠷᠢᠶᠠᠨ ᠤ ᠱᠦᠵᠢ ᠪᠦᠬᠡᠪᠠᠶᠠᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠠᠮᠳᠤ ᠳᠤᠨᠢ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠤ ᠦᠢᠯᠡᠰ ᠦᠨ ᠬᠥᠭᠵᠢᠯᠲᠡ ᠵᠡᠷᠭᠡ ᠠᠭᠤᠯᠭ᠎ᠠ ᠶᠢᠨ ᠲᠣᠭᠣᠷᠢᠨ ᠳᠤ ᠪᠠᠭ ᠤᠨ ᠪᠦᠷᠢᠯᠳᠦᠬᠦᠨ ᠬᠤᠭᠤᠷᠤᠨᠳᠤ ᠪᠠᠨ ᠰᠠᠨᠠᠯ ᠰᠤᠯᠢᠯᠴᠠᠪᠠ᠃

     
         ᠵᠤᠤ ᠪᠠᠢ ᠢᠦᠢ ᠴᠢᠩᠭᠠᠳᠬᠠᠭᠰᠨᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠵᠠᠢ᠃ ᠰᠤᠮᠤᠨ ᠤ ᠨᠠᠮ ᠤᠨ ᠬᠣᠷᠢᠶ᠎ᠠ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠣᠷᠬᠢᠭᠳᠠᠭᠰᠨᠨ ᠶᠢᠠᠨ ᠨᠠᠷᠢᠨ ᠬᠢᠨᠠᠮᠠᠭᠠᠢ ᠪᠠᠢᠴᠠᠭᠠᠨ ᠨᠥᠬᠥᠪᠥᠷᠢᠯᠡᠵᠦ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠢᠷᠢᠯᠠᠭᠤᠯᠤᠯᠲᠠ ᠶᠢ ᠦᠨᠡᠨᠬᠦ ᠪᠣᠳᠠᠲᠠᠢ ᠳᠤ ᠨᠠᠢᠳᠠᠪᠤᠷᠢᠵᠢᠭᠤᠯᠤᠨ᠂ ᠬᠠᠷᠢᠭᠤᠴᠠᠯᠭ᠎ᠠ ᠡᠭᠦᠷᠭᠡᠯᠡᠯ ᠶᠢᠠᠨ ᠴᠢᠨᠠᠭᠰᠢᠳᠠ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭᠴᠢᠳ ᠦᠨ ᠪᠦᠯᠬᠦᠮ ᠦᠨ ᠬᠢᠨᠠᠨ ᠵᠥᠪᠯᠡᠬᠦ ᠳᠦ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂《 ᠬᠣᠶᠠᠷ ᠲᠤ ᠵᠣᠪᠠᠬᠤ ᠦᠭᠡᠢ ᠭᠤᠷᠪᠠ ᠶᠢ ᠪᠠᠲᠤᠯᠠᠬᠤ》ᠰᠠᠭᠤᠷᠢᠨ ᠳᠡᠭᠡᠷ᠎ᠡ ᠂ ᠣᠯᠠᠨ ᠲᠦᠮᠡᠨ ᠢ ᠬᠥᠲᠥᠯᠥᠨ ᠵᠢᠯᠣᠭᠣᠳᠴᠤ ᠬᠦᠷᠢᠶ᠎ᠡ ᠬᠠᠰᠢᠶ᠎ᠠ ᠶᠢᠨ ᠠᠵᠤ ᠠᠬᠤᠶ  ᠶᠢ ᠰᠠᠢᠲᠤᠷ ᠬᠢᠵᠦ ᠂ ᠣᠯᠠᠨ ᠠᠷᠭ᠎ᠠ ᠵᠠᠮ ᠶᠢᠠᠷ ᠣᠷᠣᠯᠭ᠎ᠠ ᠪᠠᠨ ᠨᠡᠮᠡᠭᠳᠡᠬᠦᠯᠬᠦ ᠶᠢᠨ ᠬᠠᠮᠳᠤ᠂ ᠲᠡᠷᠢᠭᠦᠨ ᠦ ᠨᠡᠢᠲᠡᠯᠢᠭ᠌ ᠵᠢᠱᠢᠶ᠎ᠡ ᠶᠢ ᠭᠦᠢᠴᠡᠳ ᠠᠭᠤᠳᠠᠯᠠᠨ᠂ ᠨᠡᠢᠲᠡᠯᠢᠭ᠌ ᠵᠢᠱᠢᠶ᠎ᠡ ᠦᠵᠡᠭᠦᠯᠬᠦ ᠦᠢᠯᠡᠳᠦᠯ ᠢ ᠬᠦᠢᠴᠡᠳ ᠪᠠᠳᠠᠷᠠᠭᠤᠯᠵᠤ ᠂ ᠺᠠᠳ᠋ᠷ ᠤᠯᠠᠨ ᠲᠦᠮᠡᠨ ᠲᠠᠢ ᠬᠦᠴᠢᠷ ᠢ ᠲᠤᠭᠤᠯᠤᠨ᠂ ᠨᠡᠩ ᠶᠡᠬᠡ ᠡᠷᠡᠰ ᠵᠣᠷᠢᠭ ᠶᠢᠠᠷ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ ᠤ ᠢᠯᠠᠯᠲᠠ ᠶᠢ ᠣᠯᠬᠤ ᠭᠡᠷᠡᠭᠳᠡᠢ ᠭᠡᠵᠡᠢ᠃

      


      
         ᠵᠠᠩ ᠬᠠᠨ ᠰᠦᠩ ᠵᠢᠭᠠᠵᠤ ᠭᠠᠷᠭᠠᠭᠰᠠᠨ ᠨᠢ᠂ ᠰᠤᠮᠤᠨ ᠤ ᠨᠠᠮ ᠤᠨ ᠬᠣᠷᠢᠶ᠎ᠠ ᠬᠠᠷᠠᠯᠲᠠ ᠡᠭᠦᠷᠭᠡ ᠪᠠᠨ ᠴᠢᠩᠭ᠎ᠠ ᠠᠳᠬᠤᠨ᠂ ᠬᠠᠷᠠᠯᠲᠠ᠂ ᠠᠰᠠᠭᠤᠳᠠᠯ ᠶᠢᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂《 ᠬᠣᠶᠠᠷ ᠲᠤ ᠵᠣᠪᠠᠬᠤ ᠦᠭᠡᠢ ᠭᠤᠷᠪᠠ ᠶᠢ ᠪᠠᠲᠤᠯᠠᠬᠤ》᠋ ᠶᠢ ᠰᠠᠢᠲᠤᠷ ᠨᠠᠢᠳᠠᠪᠤᠷᠢᠵᠢᠭᠤᠯᠤᠨ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠲᠠᠬᠢᠨ ᠶᠠᠳᠠᠭᠤᠷᠠᠬᠤ ᠶᠢ ᠰᠡᠷᠭᠡᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ ᠤ ᠡᠴᠦᠰ ᠦᠨ ᠢᠯᠠᠯᠲᠠ ᠶᠢ ᠵᠠᠪᠠᠯ ᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠮᠵᠢ ᠶᠢ ᠪᠡᠬᠢᠵᠢᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠢᠭᠤᠯᠵᠤ ᠂ ᠳᠤᠲᠠᠭᠳᠠᠯ ᠶᠢᠠᠨ ᠨᠥᠬᠥᠪᠥᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠤ᠂ ᠪᠣᠳᠠᠲᠠᠢ ᠲᠠᠶ ᠪᠠᠨ ᠤᠶᠠᠯᠳᠤᠭᠤᠯᠤᠨ ᠴᠡᠭᠴᠡᠯᠡᠨ ᠰᠠᠢᠵᠢᠷᠠᠭᠤᠯᠬᠤ ᠠᠵᠢᠯ ᠢ ᠰᠠᠢᠲᠤᠷ ᠠᠳᠬᠤᠨ᠂ ᠴᠡᠭᠴᠡᠯᠡᠨ ᠰᠠᠢᠵᠢᠷᠠᠭᠤᠯᠬᠤ ᠡᠭᠦᠷᠭᠡ ᠶᠢ ᠲᠤᠭᠳᠠᠭᠰᠨᠨ ᠬᠤᠭᠤᠴᠠᠭ᠎ᠠ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠦᠨ ᠬᠥᠭᠵᠢᠯᠲᠡ ᠶᠢ ᠪᠦᠬᠦ ᠬᠦᠴᠦᠨ ᠶᠢᠠᠷ ᠰᠠᠢᠲᠤᠷ ᠠᠳᠬᠤᠵᠤ ᠂ ᠳᠠᠪᠠᠭᠤᠯᠢᠭ ᠲᠠᠭᠠᠨ ᠰᠠᠭᠤᠷᠢᠯᠠᠠ ᠂ ᠣᠨᠴᠠᠯᠢᠭᠲᠤ ᠠᠵᠤ ᠦᠢᠯᠡᠰ ᠢ ᠠᠯᠬᠤᠮ ᠠᠯᠬᠤᠮ ᠶᠢᠠᠷ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠣᠯᠠᠨ ᠲᠦᠮᠡᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠬᠡᠷᠡᠭᠲᠡᠶ ᠭᠡᠵᠡᠢ᠃

ᠡᠮᠦᠨᠡᠬᠢ᠄ ᠰᠢᠯᠢᠩᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠴᠠᠭᠠᠬᠤ ᠪᠦᠯᠬᠦᠮ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠰᠢᠨᠵᠢᠯᠡᠨ ᠪᠠᠢᠴᠠᠭᠠᠯᠳᠠ ᠬᠢᠭᠰᠡᠡ ᠨᠢ
ᠳᠠᠷᠠᠭᠠᠬᠢ᠄ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠤᠰᠢᠶᠠᠯ ᠳᠤ ᠲᠤᠮᠢᠯᠠᠬᠤ ᠡᠴᠨ ᠡᠮᠤᠨᠡᠬᠢ ᠤᠳᠤᠷᠢᠳᠬᠤ ᠺᠠᠳ᠋ᠷ ᠤᠨ ᠬᠠᠤᠯᠢ ᠴᠠᠭᠠᠵᠨ ᠶᠢᠨ ᠮᠡᠳᠡᠯᠭᠡ ᠶᠢᠨ ᠰᠢᠯᠭᠠᠯᠳᠠ ᠶᠢ ᠨᠠᠷᠢᠨ ᠬᠢᠨᠠᠮᠠᠭᠠᠢ ᠶᠠᠪᠤᠭᠳᠠᠭᠤᠯᠤᠨ ᠲᠤᠰᠢᠶᠠᠯ ᠳᠤ ᠲᠤᠮᠢᠯᠠᠬᠤ ᠺᠠᠳ᠋ᠷ ᠤᠨ ᠬᠠᠤᠯᠢ ᠪᠡᠷ ᠵᠠᠰᠠᠬᠤ ᠤᠬᠠᠮᠰᠠᠷ ᠪᠠ ᠬᠠᠤᠯᠢ ᠪᠡᠷ ᠵᠠᠰᠠᠬᠤ ᠲᠦᠷᠢᠮ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠲᠠᠭᠡᠭᠰᠢᠯᠡᠬᠦᠯᠪᠡ