ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ᠁
ᠵᠠᠷᠤᠳ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ ᠳᠥᠷᠪᠡᠨ ᠱᠠᠳᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠪᠣᠯᠪᠠᠰᠤᠷᠠᠯ ᠤᠨ ᠬᠤᠷᠠᠯ ᠡᠷᠬᠢᠯᠡᠪᠡ


      

      6 ᠰᠠᠷ᠎ᠠ ᠶᠢᠨ 11᠋ ᠤ ᠡᠳᠦᠷ᠂ ᠵᠠᠷᠤᠳ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶ᠎ᠠ《 ᠰᠦᠯᠵᠢᠶᠡᠨ ᠳᠡᠭᠡᠷᠡᠬᠢ ᠲᠥᠯᠥᠭᠡᠯᠡᠭᠴᠢ ᠶᠢᠨ ᠭᠡᠷ ᠪᠦᠯᠢ》ᠲᠠᠪᠴᠠᠩ ᠶᠢᠠᠷ ᠳᠠᠮᠵᠢᠭᠤᠯᠤᠨ᠂ᠪᠥᠬᠥ ᠬᠣᠰᠢᠭᠤᠨ ᠤ ᠳᠥᠷᠪᠡᠨ ᠱᠠᠲᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠪᠣᠯᠪᠠᠰᠤᠷᠠᠯ ᠤᠨ ᠬᠤᠷᠠᠯ ᠡᠷᠭᠢᠯᠡᠨ᠂ᠪᠥᠬᠥ ᠤᠯᠤᠰ ᠤᠨ《 ᠬᠣᠶᠠᠷ ᠬᠤᠷᠠᠯ》᠋ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ  ᠤᠨ ᠲᠥᠯᠥᠭᠡᠯᠡᠭᠴᠢᠳ ᠦᠨ ᠤᠯᠤᠰ ᠲᠥᠷᠥ ᠶᠢᠨ ᠣᠨᠣᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠦᠨ ᠡᠭᠦᠷᠭᠡ ᠲᠤᠰᠢᠶᠠᠯ ᠶᠢᠠᠷ ᠭᠦᠢᠴᠡᠳᠬᠡᠬᠦ ᠦᠵᠡᠯ ᠤᠬᠠᠮᠰᠠᠷ  ᠢ ᠨᠡᠮᠡᠭᠳᠡᠭᠦᠯᠵᠦ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ  ᠦᠨ ᠶᠢᠠᠨ ᠠᠵᠤ ᠠᠬᠤᠶ ᠨᠡᠢᠭᠡᠮ  ᠦᠨ ᠬᠥᠭᠵᠢᠯᠲᠡ  ᠶᠢ ᠢᠳᠡᠪᠬᠢᠲᠡᠶ  ᠪᠡᠷ ᠲᠦᠯᠬᠢᠨ ᠠᠬᠢᠭᠤᠯᠪᠠ᠃

      
          ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠦ᠋ ᠰᠢᠶᠤᠤ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠦ᠋ ᠰᠢᠶᠤᠤ ᠱᠠᠭᠠᠷᠳᠠᠭᠰᠠᠨ ᠨᠢ᠄ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠪᠣᠯᠪᠠᠰᠤᠷᠠᠯ ᠤᠨ ᠠᠵᠢᠯ ᠤᠨ ᠴᠢᠬᠤᠯᠠ ᠠᠴᠢ ᠬᠣᠯᠪᠣᠭᠳᠠᠯ ᠢ ᠭᠦᠨᠵᠡᠭᠡᠢ ᠲᠠᠨᠢᠵᠤ᠂ ᠤᠨᠤᠯ ᠤᠨ ᠰᠤᠷᠤᠯᠴᠠᠯᠭ᠎ᠠ ᠶᠢᠨ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠶᠢᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠦᠨ ᠴᠢᠬᠤᠯᠠ ᠶᠠᠷᠢᠶ᠎ᠠ ᠪᠠ ᠪᠦᠬᠦ ᠤᠯᠤᠰ ᠤᠨ《 ᠬᠣᠶᠠᠷ ᠬᠤᠷᠠᠯ》᠋ ᠤᠨ ᠵᠣᠷᠢᠭ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ᠂《 ᠮᠣᠩᠭᠣᠯ ᠮᠣᠷᠢᠨ ᠤ ᠵᠣᠷᠢᠭ ᠰᠠᠨᠠᠭ᠎ᠠ》᠋ ᠶᠢ ᠶᠡᠬᠡᠪᠡᠷ ᠪᠠᠳᠠᠷᠠᠭᠤᠯᠤᠨ᠂ ᠬᠥᠭᠵᠢᠯᠲᠡ ᠪᠡᠷ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠢᠮᠠᠭᠲᠠ ᠰᠠᠢᠲᠤᠷ ᠪᠠᠷᠢᠮᠲᠠᠯᠠᠵᠤ᠂ ᠰᠠᠢᠲᠤᠷ ᠨᠠᠢᠳᠠᠪᠦᠷᠢᠵᠢᠭᠤᠯᠬᠤ ᠬᠡᠷᠡᠭᠲᠡᠢ᠃ ᠪᠦᠬᠦ ᠲᠥᠯᠥᠭᠡᠯᠡᠭᠴᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ  ᠶᠢᠨ ᠬᠣᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠲᠦᠮᠡᠨ ᠶᠢᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠡᠬᠢ ᠪᠣᠶ ᠪᠣᠯᠭᠠᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠰᠠᠢᠲᠤᠷ ᠬᠠᠮᠠᠭᠠᠯᠠᠬᠤ᠂ ᠰᠠᠢᠲᠤᠷ ᠪᠡᠶᠡᠯᠡᠭᠦᠯᠬᠦ᠂ ᠰᠠᠢᠲᠤᠷ ᠬᠥᠭᠵᠢᠭᠦᠯᠬᠦ  ᠪᠡᠷ ᠠᠵᠢᠯ ᠤᠨ ᠡᠭᠦᠰᠦᠯᠲᠡ ᠪᠣᠯᠤᠨ ᠦᠷ᠎ᠡ ᠳ᠋ᠦᠩ ᠪᠣᠯᠭᠠᠵᠤ᠂ ᠠᠷᠠᠳ ᠲᠦᠮᠡᠨ ᠦ ᠳᠤᠮᠳᠠ ᠦᠨᠳᠦᠰᠦᠯᠡᠨ᠂ ᠠᠷᠠᠳ ᠤᠨ ᠰᠠᠨᠠᠭ᠎ᠠ ᠶᠢ ᠲᠤᠰᠬᠠᠬᠤ ᠳᠠᠪᠠᠭᠤᠯᠢᠭ ᠶᠢᠠᠨ ᠭᠦᠢᠴᠡᠳ ᠪᠠᠳᠠᠷᠠᠭᠤᠯᠵᠤ᠂ᠠᠷᠠᠳ ᠤᠨ ᠠᠮᠢᠳᠤᠷᠠᠯ ᠤᠨ《 ᠰᠤᠳᠠᠰᠤ》᠋ ᠶᠢ ᠣᠨᠣᠪᠴᠢᠲᠠᠶ ᠡᠵᠡᠮᠳᠡᠵᠦ᠂《 ᠰᠠᠢᠨ ᠵᠣᠷ》ᠭᠠᠷᠭᠠᠠ᠂ ᠣᠯᠠᠨ ᠲᠦᠮᠡᠨ ᠦ ᠰᠡᠳᠬᠢᠯ ᠦᠨ ᠳᠠᠭᠤᠨ ᠪᠠ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ ᠲᠤᠰᠬᠠᠵᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠣᠯᠤᠨ ᠨᠡᠩ ᠪᠣᠳᠠᠲᠠᠶ ᠶᠢ ᠡᠷᠬᠢᠮᠯᠡᠬᠦ ᠰᠤᠷᠲᠠᠯ ᠶᠢᠠᠷ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠢᠲᠤᠷ ᠭᠦᠢᠴᠡᠳᠬᠡᠨ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠰᠠᠢᠲᠤᠷ ᠪᠠᠳᠠᠷᠠᠭᠤᠯᠬᠤ ᠬᠡᠷᠡᠭᠲᠡᠢ᠃ ᠪᠥᠬᠥ ᠬᠣᠰᠢᠭᠤᠨ ᠤ ᠡᠯ᠎ᠡ ᠵᠦᠢᠯ ᠦᠨ ᠠᠵᠢᠯ ᠦᠢᠯᠡᠰ ᠦᠨ ᠴᠢᠨᠠᠷ ᠰᠠᠢᠲᠠᠶ ᠬᠥᠭᠵᠢᠯᠲᠡ ᠳᠦ ᠣᠶᠤᠨ ᠤᠬᠠᠭᠠᠨ ᠪᠠ ᠬᠦᠴᠦᠨ ᠴᠢᠳᠠᠯ ᠶᠢᠠᠨ ᠡᠷᠬᠦᠬᠦ ᠬᠡᠷᠡᠭᠲᠡᠢ ᠬᠡᠵᠡᠢ ᠃

      

      

      
          ᠬᠤᠷᠠᠯ ᠳᠡᠭᠡᠷ᠎ᠡ᠂ ᠬᠤᠰᠢᠭᠤᠨ ᠤ ᠨᠠᠮ  ᠤᠨ ᠬᠣᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠭᠦᠸᠧ ᠰᠢᠶᠤᠤ ᠴᠢᠶᠠᠨ《 ᠬᠣᠶᠠᠷ ᠬᠤᠷᠠᠯ ᠠᠴᠠ ᠳᠤᠮᠳᠠᠳᠤ ᠤᠯᠤᠰ ᠢ ᠤᠢᠯᠠᠭᠠᠬᠤ》 ᠭᠤᠤᠯ ᠰᠡᠳᠦᠪ ᠶᠢᠠᠷ᠂ ᠳᠤᠮᠳᠠᠳᠤ ᠤᠯᠤᠰ ᠤᠨ ᠪᠠᠢᠭᠤᠯᠤᠯ ᠢ ᠤᠢᠯᠠᠭᠠᠬᠤ᠂ ᠳᠤᠮᠳᠠᠳᠤ ᠤᠯᠤᠰ ᠤᠨ ᠢᠲᠡᠭᠡᠯ ᠢ ᠤᠢᠯᠠᠭᠠᠬᠤ᠂ ᠳᠤᠮᠳᠠᠳᠤ ᠤᠯᠤᠰ ᠤᠨ ᠬᠦᠰᠡᠯ ᠵᠡᠭᠦᠳᠦ ᠶᠢ ᠤᠢᠯᠠᠭᠠᠬᠤ ᠭᠤᠷᠪᠠᠨ ᠲᠠᠯ᠎ᠠ ᠶᠢᠨ ᠲᠣᠭᠣᠷᠢᠨ ᠳᠤ ᠪᠦᠬᠦ ᠤᠯᠤᠰ ᠤᠨ《 ᠬᠣᠶᠠᠷ ᠬᠤᠷᠠᠯ》᠋ ᠤᠨ ᠵᠣᠷᠢᠭ ᠰᠠᠨᠠᠭᠠᠨ ᠤ ᠭᠣᠣᠯ ᠠᠭᠤᠯᠭ᠎ᠠ ᠶᠢ ᠪᠦᠬᠦ ᠲᠠᠯ᠎ᠠ ᠪᠠᠷ ᠡᠮᠬᠢᠳᠭᠡᠨ᠂ᠣᠳᠣᠬᠠᠨ ᠤ ᠮᠠᠨ ᠤ ᠤᠯᠤᠰ ᠤᠨ ᠠᠵᠤ ᠠᠬᠤᠢ ᠨᠡᠢᠭᠡᠮ ᠦᠨ ᠬᠥᠭᠵᠢᠯᠲᠡ ᠳᠦ ᠲᠤᠯᠭᠠᠷᠠᠵᠤ ᠪᠠᠢᠭ᠎ᠠ ᠠᠵᠠ ᠲᠣᠬᠢᠶᠠᠯ ᠪᠣᠯᠤᠨ ᠥᠷᠢᠰᠥᠯᠳᠦᠭᠡᠨ ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠵᠢᠴᠢ ᠴᠢᠨᠡᠭᠡᠯᠢᠭ᠌ ᠨᠡᠢᠭᠡᠮ ᠢ ᠪᠦᠬᠦ ᠲᠠᠯ᠎ᠠ ᠪᠠᠷ ᠪᠦᠳᠤᠭᠡᠨ ᠪᠠᠢᠭᠤᠯᠬᠤ ᠪᠠᠢᠳᠠᠯ ᠪᠣᠯᠤᠨ ᠡᠭᠦᠷᠭᠡ ᠶᠢ ᠨᠠᠷᠢᠨ ᠬᠢᠨᠠᠮᠠᠭᠠᠢ ᠵᠠᠳᠠᠯᠪᠠ᠃ ᠲᠠᠢᠯᠤᠮᠵᠢ ᠶᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠣᠤᠯᠳᠠᠯᠭ᠎ᠠ ᠨᠢ ᠲᠤᠪᠤᠢᠮ᠎ᠠ᠂ ᠥᠭᠦᠯᠡᠯᠲᠡ ᠨᠢ ᠲᠤᠳᠤᠷᠬᠠᠢ ᠪᠠᠢᠵᠤ᠂ ᠨᠡᠯᠢᠶᠡᠳ ᠰᠠᠢᠨ ᠰᠤᠷᠤᠯᠴᠠᠬᠤ ᠦᠷ᠎ᠡ ᠪᠦᠲᠦᠮᠵᠢ ᠤᠯᠤᠭᠰᠨᠨ ᠪᠠᠢᠨ᠎ᠡ᠃

      
           ᠬᠤᠷᠠᠯ ᠳᠤ ᠨᠡᠢᠲᠡ 16 ᠬᠠᠷᠠᠭᠠᠨ ᠳᠠᠪᠲᠠᠮᠵᠢ ᠶᠢᠨ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ 516 ᠬᠥᠮᠦᠨ ᠬᠤᠷᠠᠯ ᠳᠤ ᠣᠷᠣᠯᠴᠠᠪᠠ᠃

ᠡᠮᠦᠨᠡᠬᠢ᠄ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠳᠥᠷᠪᠡᠳ᠋ᠦᠭᠡᠷ ᠬᠤᠷᠠᠯᠳ᠋ᠤᠭᠠᠨ ᠡᠬᠢᠯᠡᠪᠡ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠠᠷᠪᠠ ᠶᠢᠰᠤᠳᠤᠭᠡᠷ ᠬᠤᠷᠠᠯ ᠬᠤᠷᠠᠯᠳᠤᠭᠰᠠᠠ ᠨᠢ