ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《 ᠭᠤᠷᠪᠠᠨ ᠴᠢᠬᠤᠯᠨ ᠨᠢᠭᠡ ᠶᠡᠭᠡ》᠋ ᠶᠢᠨ ᠠᠵᠢᠯ ᠢ ᠶᠠᠷᠢᠯᠴᠠᠨ ᠰᠤᠳᠤᠯᠪᠠ

6 ᠰᠠᠷ᠎ᠠ ᠶᠢᠨ 10᠋ ᠤ ᠡᠳᠤᠷ ᠤᠨ ᠦᠳᠠ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠬᠤᠷᠠᠯ ᠬᠤᠷᠠᠯᠳᠤᠭᠤᠯᠤᠨ᠂ ᠤᠳᠤᠬᠠᠨ ᠤ《 ᠭᠤᠷᠪᠠᠨ ᠴᠢᠬᠤᠯᠨ ᠨᠢᠭᠡ ᠶᠡᠭᠡ》᠋ ᠶᠢᠨ ᠠᠵᠢᠯ ᠢ ᠰᠤᠳᠤᠯᠪᠠ᠃ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠵᠠᠩ ᠯᠢ᠂ ᠮᠸᠢ ᠶᠢᠩ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠳᠤ ᠲᠤᠮᠢᠯᠠᠨ ᠰᠠᠭᠤᠭ᠎ᠠ ᠰᠠᠬᠢᠯᠭ᠎ᠠ ᠪᠠᠳᠤ ᠬᠢᠨᠠᠨ ᠪᠠᠢᠴᠠᠭᠠᠬᠤ ᠲᠤᠭᠤᠢᠯᠠᠩ ᠤᠨ ᠲᠠᠠᠷᠤᠭᠠ ᠪᠠᠶᠠᠨ᠂ ᠪᠠᠢᠭᠤᠯᠭ᠎ᠠ ᠶᠢᠨ ᠬᠠᠮᠢᠶ᠎ᠠ ᠪᠦᠬᠦᠢ ᠠᠵᠢᠯᠳᠠᠨ ᠬᠤᠷᠠᠯ ᠳᠤ ᠰᠤᠯᠨ ᠤᠷᠤᠯᠴᠠᠪᠠ᠃

ᠬᠤᠷᠠᠯ ᠲᠠᠭᠡᠷ᠎ᠠ᠂ ᠯᠢ ᠴᠸᠩ ᠬᠦᠸᠸ ᠲᠤᠰ ᠤᠳᠠᠭᠠᠨ ᠤ ᠬᠤᠷᠠᠯ ᠤᠨ ᠵᠦᠪᠯᠡᠬᠦ ᠰᠡᠳᠤᠪ ᠤᠨ ᠲᠤᠭᠤᠷᠢᠨ ᠳᠤ᠂ᠤᠳᠤᠬᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠵᠠᠯᠠᠭᠤ ᠺᠠᠳ᠋ᠷ ᠢ ᠬᠦᠮᠤᠵᠢᠬᠦᠯᠤᠨ ᠪᠤᠯᠪᠠᠰᠤᠷᠠᠭᠤᠯᠬᠤ ᠶᠢ ᠪᠠᠢᠴᠠᠭᠠᠨ ᠰᠤᠳᠤᠯᠬᠤ᠂ ᠪᠠᠢᠭᠤᠯᠭ᠎ᠠ ᠡᠴᠨ ᠺᠠᠳ᠋ᠷ ᠢ ᠵᠢᠭᠡᠯᠡᠨ ᠠᠵᠢᠯᠯᠠᠭᠤᠯᠬᠤ᠂ ᠰᠢᠯᠵᠢᠬᠦᠯᠤᠨ ᠪᠤᠯᠪᠠᠰᠤᠷᠠᠭᠤᠯᠬᠤ ᠠᠵᠢᠯᠳᠠᠨ ᠤ ᠬᠠᠮᠢᠶᠠᠷᠤᠯᠳᠠ᠂ ᠭᠠᠯ ᠤᠨᠳᠠᠷᠠᠭᠠᠬᠤ ᠠᠮᠤᠷ ᠲᠦᠪᠰᠢᠨ ᠤ ᠲᠦᠬᠦᠭᠡᠷᠤᠮᠵᠢ ᠬᠤᠳᠠᠯᠳᠤᠨ ᠠᠪᠬᠤ᠂《 ᠰᠦᠯᠵᠢᠶᠠᠨ ᠲᠠᠭᠡᠷᠡᠬᠢ ᠲᠦᠯᠤᠭᠡᠯᠡᠭᠴᠢ ᠶᠢᠨ ᠭᠡᠷ ᠪᠦᠯᠢ》᠋ ᠶᠢᠨ ᠪᠠᠢᠭᠤᠯᠤᠯᠳᠠ ᠵᠡᠷᠭᠡ ᠲᠦᠷᠪᠠᠨ ᠲᠠᠯ᠎ᠠ ᠪᠡᠷ ᠪᠠᠢᠳᠠᠯ ᠢ ᠲᠠᠨᠢᠯᠴᠠᠭᠤᠯᠤᠨ᠂ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠤᠨ ᠬᠤᠭᠤᠷᠤᠨᠳᠤ ᠪᠠᠨ ᠶᠠᠷᠢᠯᠴᠠᠵᠤ ᠤᠪᠤᠷ ᠶᠢᠠᠨ ᠢᠯᠡᠳᠭᠡᠪᠡ᠃

ᠲᠤᠰ ᠤᠳᠠᠭᠠᠨ ᠤ ᠬᠤᠷᠠᠯᠳᠤᠭᠤᠯᠤᠭᠰᠨᠨ《 ᠭᠤᠷᠪᠠᠨ ᠴᠢᠬᠤᠯᠨ ᠨᠢᠭᠡ ᠶᠡᠭᠡ》ᠠᠵᠢᠯ ᠤᠨ ᠬᠤᠷᠠᠯᠳᠤᠭᠠᠨ ᠨᠢ ᠬᠤᠷᠠᠯ ᠤᠨ ᠶᠠᠪᠤᠴᠨ ᠶᠢ ᠴᠢᠩᠭ᠎ᠠ ᠵᠢᠷᠤᠮᠯᠡᠵᠤ᠂《 ᠭᠤᠷᠪᠠᠨ ᠴᠢᠬᠤᠯᠨ ᠨᠢᠭᠡ ᠶᠡᠭᠡ》᠋ ᠶᠢᠨ ᠬᠠᠮᠳᠤ ᠶᠢᠨ ᠰᠢᠢᠳᠪᠤᠷᠢᠳᠤ ᠪᠤᠳᠤᠯᠭ᠎ᠠ ᠶᠢᠨ ᠲᠦᠷᠢᠮ ᠢ ᠴᠢᠩᠭ᠎ᠠ ᠭᠡᠷᠡᠭᠵᠢᠬᠦᠯᠪᠡ᠃ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯ ᠲᠠᠶ ᠂ ᠢᠯᠡ ᠲᠣᠳᠣ ᠪᠠᠢᠬᠤ ᠶᠢ ᠢᠯᠡᠷᠡᠬᠦᠯᠪᠡ ᠃